ᠥᠪᠥᠷ ᠮᠣᠩᠭᠣᠯᠪᠠᠶᠢᠴᠠᠭᠠᠬᠤ ᠪᠠᠶᠢᠭᠤᠯᠭ᠎ᠠ ᠯᠢ ᠬᠤᠸᠠᠢ ᠵᠦ᠋ ᠵᠢᠨ ᠬᠠᠬᠤᠤᠯᠢ ᠢᠳᠡᠭᠰᠡᠨ ᠂ ᠤᠯᠤᠰᠥᠮᠴᠢᠯᠡᠯᠠᠵᠢᠯ ᠦᠶᠯᠡᠰᠨᠢᠭᠡᠴᠡ ᠵᠢᠨ ᠠᠵᠢᠯᠲᠠᠨ ᠬᠠᠷᠢᠭᠤᠴᠠᠯᠭ᠎ᠠ ᠪᠠᠨ ᠠᠯᠳᠠᠭᠰᠠᠨ ᠰᠡᠵᠢᠭᠯᠡᠯᠲᠡᠶ ᠬᠡᠷᠡᠭ ᠲᠦ ᠬᠠᠸᠯᠢ ᠶᠣᠰᠣᠭᠠᠷ ᠠᠯᠪᠠᠨ ᠵᠠᠭᠠᠯᠳᠤᠯᠭ᠎ᠠ ᠭᠠᠷᠭᠠᠪᠠ
ᠲᠦᠷᠦᠭᠦᠬᠡᠨ ᠂ ᠬᠥᠬᠡᠬᠣᠲᠠ ᠵᠢᠨ ᠠᠵᠢᠯ ᠮᠡᠷᠭᠡᠵᠢᠯᠳᠡᠭᠡᠳᠦ ᠰᠤᠷᠭᠠᠭᠤᠯᠢ ᠵᠢᠨ ᠤᠤᠯᠨᠠᠮᠬᠣᠷᠢᠶᠠᠨ ᠳᠡᠳ᠋ ᠱᠦᠵᠢ ᠂ ᠵᠠᠬᠢᠷᠤᠯ ᠯᠢ ᠬᠤᠸᠠᠢ ᠵᠦ᠋ ( ᠳᠡᠳ᠋ ᠲᠢᠩᠬᠢᠮᠳᠡᠰ ) ᠬᠠᠬᠤᠤᠯᠢ ᠢᠳᠡᠭᠰᠡᠨ ᠶᠠᠯ᠎ᠠ ᠂ ᠤᠯᠤᠰᠥᠮᠴᠢᠯᠡᠯᠠᠵᠢᠯ ᠦᠢᠯᠡᠰᠨᠢᠭᠡᠴᠢ ᠵᠢᠨ ᠠᠵᠢᠯᠲᠠᠨ ᠬᠠᠷᠢᠭᠤᠴᠠᠯᠭ᠎ᠠ ᠠᠯᠳᠠᠭᠰᠠᠨ ᠶᠠᠯ᠎ᠠ ᠬᠢᠭᠰᠡᠨ ᠢᠶᠡᠷ ᠰᠡᠵᠢᠭᠯᠡᠭᠳᠡᠭᠰᠡᠨ ᠬᠡᠷᠡᠭ ᠢ ᠥᠪᠥᠷ ᠮᠣᠩᠭᠣᠯᠥᠪᠡᠷᠲᠡᠭᠡᠨ ᠵᠠᠰᠠᠬᠤ ᠣᠷᠣᠨ ᠠᠷᠠᠳᠪᠠᠶᠢᠴᠠᠭᠠᠬᠤ ᠬᠣᠷᠢᠶ᠎ᠠ ᠠᠴᠠ ᠬᠠᠷᠢᠶᠠᠯᠠᠯ ᠢ ᠵᠢᠭᠠᠨ ᠲᠣᠭᠲᠠᠭᠠᠵᠤ ᠂ ᠬᠥᠯᠥᠨ ᠪᠣᠶᠢᠷ ᠬᠣᠲᠠ ᠵᠢᠨ ᠠᠷᠠᠳᠪᠠᠶᠢᠴᠠᠭᠠᠬᠤ ᠬᠣᠷᠢᠶ᠎ᠠ ᠠᠴᠠ ᠬᠥᠯᠥᠨ ᠪᠣᠶᠢᠷ ᠬᠣᠲᠠ ᠵᠢᠨ ᠠᠷᠠᠳᠳᠤᠮᠳᠠᠳᠦ ᠵᠡᠷᠭᠡ ᠵᠢᠨ ᠰᠢᠭᠦᠬᠦ ᠬᠣᠷᠢᠶ᠎ᠠ ᠳᠤ ᠠᠯᠪᠠᠨ ᠵᠠᠭᠠᠯᠳᠤᠯᠭ᠎ᠠ ᠭᠠᠷᠭᠠᠪᠠ
ᠪᠠᠶᠢᠴᠠᠭᠠᠬᠤ ᠪᠠᠶᠢᠭᠤᠯᠭ᠎ᠠ ᠬᠢᠨᠠᠨ ᠪᠠᠶᠢᠴᠠᠭᠠᠵᠤ ᠵᠠᠭᠠᠯᠳᠤᠬᠤ ᠱᠠᠲᠤᠨ ᠳᠤ ᠂ ᠵᠠᠭᠠᠯᠳᠤᠭᠳᠠᠭᠴᠢ ᠯᠢ ᠬᠤᠸᠠᠢ ᠵᠦ᠋ ᠵᠢᠨ ᠡᠳ᠋ᠯᠡᠬᠦ ᠵᠠᠷᠭᠤ ᠵᠢᠨ ᠡᠷᠬᠡ ᠬᠠᠤᠯᠢ ᠶᠣᠰᠣᠭᠠᠷ ᠮᠡᠳᠡᠭᠳᠡᠵᠦ ᠂ ᠵᠠᠭᠠᠯᠳᠤᠭᠳᠠᠭᠴᠢ ᠠᠴᠠ ᠬᠠᠤᠯᠢ ᠶᠣᠰᠣᠭᠠᠷ ᠰᠢᠭᠦᠨ ᠠᠰᠠᠭᠤᠵᠤ ᠂ ᠥᠮᠥᠭᠯᠡᠭᠴᠢ ᠵᠢᠨ ᠰᠠᠨᠠᠯ ᠢ ᠰᠣᠨᠣᠰᠴᠠᠶ ᠃ ᠬᠥᠯᠥᠨ ᠪᠣᠶᠢᠷ ᠬᠣᠲᠠ ᠵᠢᠨ ᠠᠷᠠᠳᠪᠠᠶᠢᠴᠠᠭᠠᠬᠤ ᠬᠣᠷᠢᠶ᠎ᠠ ᠵᠠᠭᠠᠯᠳᠤᠭᠰᠠᠨ ᠨᠢ ᠄ ᠵᠠᠭᠠᠯᠳᠤᠭᠳᠠᠭᠴᠢ ᠯᠢ ᠬᠤᠸᠠᠢ ᠵᠦ᠋ ᠬᠦᠬᠡᠬᠤᠲᠠ ᠵᠢᠨ ᠠᠵᠢᠯ ᠮᠡᠷᠭᠡᠵᠢᠯ ᠳᠡᠭᠡᠳᠦ ᠰᠤᠷᠭᠠᠭᠤᠯᠢ ᠵᠢᠨ ᠨᠠᠮᠬᠣᠷᠢᠶᠠᠨ ᠳᠡᠳ᠋ ᠱᠦᠵᠢ ᠂ ᠬᠣᠷᠢᠶᠠᠨ ᠳᠠᠷᠤᠭ᠎ᠠ ᠵᠢᠨ ᠲᠤᠰᠢᠶᠠᠯ ᠢ ᠡᠭᠦᠷᠭᠡᠯᠡᠬᠦ ᠳᠥᠭᠥᠮ ᠢᠶᠠᠨ ᠠᠰᠢᠭᠯᠠᠨ ᠂ ᠪᠤᠰᠤᠳᠵᠣᠭᠣᠰ ᠮᠥᠩᠭᠥ ᠡᠳ᠋ ᠪᠣᠳᠠᠰ ᠢ ᠬᠠᠸᠯᠢ ᠪᠤᠰᠤ ᠪᠠᠷ ᠬᠦᠯᠢᠶᠡᠨ ᠠᠪᠴᠤ᠂ ᠪᠤᠰᠤᠳ ᠲᠤ ᠠᠰᠢᠭ ᠲᠤᠰᠠ ᠣᠯᠭᠣᠭᠰᠠᠨ ᠲᠣᠭ᠎ᠠ ᠬᠡᠮᠵᠢᠶ᠎ᠡ ᠨᠢ ᠯᠤᠲᠤ ᠶᠡᠬᠡ︔ ᠬᠦᠬᠡᠬᠤᠲᠠ ᠵᠢᠨ ᠠᠵᠢᠯ ᠮᠡᠷᠭᠡᠵᠢᠯ ᠳᠡᠭᠡᠳᠦ ᠰᠤᠷᠭᠠᠭᠤᠯᠢ ᠵᠢᠨ ᠨᠠᠮᠬᠣᠷᠢᠶᠠᠨ ᠳᠡᠳ᠋ ᠱᠦᠵᠢ ᠂ ᠬᠣᠷᠢᠶᠠᠨ ᠳᠠᠷᠤᠭ᠎ᠠ ᠵᠢᠨ ᠲᠤᠰᠢᠶᠠᠯ ᠢ ᠬᠠᠷᠢᠭᠤᠴᠠᠵᠤ ᠪᠠᠶᠬᠤ ᠬᠤᠭᠤᠴᠠᠭᠠᠨ ᠳᠤ ᠂ ᠬᠠᠷᠢᠭᠤᠴᠠᠯᠭ᠎ᠠ ᠪᠠᠨ ᠬᠦᠨᠳᠦ ᠨᠣᠴᠢᠲᠠᠶ ᠠᠯᠳᠠᠵᠤ᠂ ᠤᠯᠤᠰ ᠣᠷᠣᠨ ᠠᠰᠢᠭ ᠲᠤᠰᠠ ᠳᠤ ᠣᠨᠴᠠᠭᠠᠶ ᠬᠦᠨᠳᠦ ᠶᠡᠬᠡ ᠬᠣᠬᠢᠷᠠᠯ ᠤᠴᠠᠷᠠᠭᠤᠯᠵᠤ᠂ ᠬᠠᠬᠤᠤᠯᠢ ᠢᠳᠡᠭᠰᠡᠨ ᠶᠠᠯ᠎ᠠ᠂ ᠤᠯᠤᠰᠥᠮᠴᠢᠯᠡᠯᠠᠵᠢᠯ ᠦᠶᠯᠡᠰᠨᠢᠭᠡᠴᠡ ᠵᠢᠨ ᠠᠵᠢᠯᠳᠠᠨ ᠬᠠᠷᠢᠭᠤᠴᠠᠯᠭ᠎ᠠ ᠠᠯᠳᠠᠭᠰᠠᠨ ᠶᠠᠯ᠎ᠠ ᠪᠠᠷ ᠬᠠᠸᠯᠢ ᠶᠣᠰᠣᠭᠠᠷ ᠡᠷᠡᠭᠦᠸ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃