ᠠᠪᠠᠭ᠎ᠠ ᠬᠤᠰᠢᠭᠤᠨ ᠠᠷᠠᠳᠪᠠᠶᠢᠴᠠᠭᠠᠬᠤ ᠬᠤᠷᠢᠶᠠᠨ ᠵᠠᠭᠠᠯᠳᠤᠬᠤ ᠪᠢᠴᠢᠭ
ᠠᠪᠠᠭ᠎ᠠ ᠪᠠᠶᠢᠴᠠᠭᠠᠬᠤ ᠨᠢᠭᠡᠳᠦᠭᠡᠷ ᠬᠡᠯᠲᠡᠰ ᠡᠷᠡᠭᠦᠦ ᠵᠠᠭᠠᠯᠲᠤᠬᠤ ﹇2020﹈ 17 ᠳ᠋ᠤᠭᠠᠷ ᠲᠣᠭᠠᠲᠤ
ᠵᠠᠭᠠᠯᠳᠤᠭᠳᠠᠭᠴᠢ᠄ ᠡ᠊**᠂ ᠡᠷᠡᠭᠳᠡᠢ᠂ 1970 ᠤᠨ ** ᠰᠠᠷ᠎ᠠ ᠵᠢᠨ ** ᠡᠳᠦᠷ ᠲᠦᠷᠦᠵᠡᠢ᠂ ᠪᠡᠶ᠎ᠠ ᠵᠢᠨ ᠦᠨᠡᠮᠯᠡᠯᠨᠤᠮᠧᠷ 1525221970********᠂ ᠮᠤᠩᠭᠤᠯ ᠦᠨᠳᠦᠰᠦᠲᠡᠨ᠂ ᠦᠨᠳᠥᠷ ᠳᠤᠮᠳᠠ ᠵᠢᠨ ᠰᠣᠶᠣᠯ ᠲᠠᠢ᠂ ᠠᠵᠢᠯ ᠦᠭᠡᠢ᠃ ᠣᠭ ᠨᠣᠳᠤᠭ ᠠᠪᠠᠭ᠎ᠠ ᠬᠤᠰᠢᠭᠤ᠂ ᠣᠳᠤ ᠰᠠᠭᠤᠭ᠎ᠠ ᠭᠠᠵᠠᠷ ᠠᠪᠠᠭ᠎ᠠ ᠬᠤᠰᠢᠭᠤᠨ ** ᠪᠠᠯᠭᠠᠰᠤᠨ ** ᠠᠰᠠᠷ ** ᠳ᠋ᠤᠭᠠᠷ ᠠᠰᠠᠷ** ᠳ᠋ᠤᠭᠠᠷ ᠣᠷᠤᠴᠠᠨ **᠃ ᠶᠠᠯᠠᠯᠠᠬᠳᠠᠵᠦ ᠦᠩᠭᠡᠷᠡᠭᠰᠡᠨ ᠦᠭᠡᠢ᠃ 2019ᠤᠨ 11ᠰᠠᠷ᠎ᠠ ᠵᠢᠨ 19 ᠡᠳᠦᠷ ᠠᠶᠤᠯᠳᠠᠢ ᠵᠢᠯᠤᠭᠤᠳᠤᠭᠰᠠᠨ ᠬᠡᠷᠡᠭᠰᠡᠵᠢᠭᠯᠡᠯ ᠢᠶᠠᠷ ᠠᠪᠠᠭ᠎ᠠ ᠬᠤᠰᠢᠭᠤᠨ ᠳᠣᠲᠣᠭᠠᠳᠤ ᠬᠠᠮᠠᠭᠠᠯᠠᠬᠤ ᠲᠣᠪᠴᠢᠶᠠᠨ ᠳᠤ ᠬᠠᠤᠯᠢ ᠶᠣᠰᠣᠭᠠᠷ ᠪᠠᠳᠤᠯᠠᠭ᠎ᠠ ᠠᠪᠴᠤ ᠰᠢᠭᠦᠯᠳᠡ ᠬᠦᠯᠢᠶᠡᠬᠦ ᠭᠠᠷ ᠭᠦᠢᠴᠡᠳᠭᠡᠯ ᠬᠢᠪᠡ᠃
ᠲᠣᠰ ᠬᠡᠷᠡᠭ ᠢ ᠠᠪᠠᠭ᠎ᠠ ᠬᠤᠰᠢᠭᠤᠨ ᠲᠤᠳᠤᠭᠠᠳᠦ ᠬᠠᠮᠠᠭᠠᠯᠠᠬᠤ ᠲᠣᠪᠴᠢᠶᠠᠨ ᠤ ᠬᠢᠨ ᠲᠤᠷᠰᠢᠨ ᠪᠠᠶᠢᠴᠠᠭᠠᠵᠤ ᠳᠠᠭᠤᠰᠬᠠᠭᠠᠳ ᠵᠠᠭᠠᠯᠳᠤᠭᠳᠠᠭᠴᠢ ᠡ᠊** ᠠᠶᠤᠯᠳᠠᠢ ᠵᠢᠯᠤᠭᠤᠳᠤᠭᠰᠠᠨ ᠶᠠᠯ᠎ᠠ ᠪᠠᠷ 2020 ᠣᠨ 7 ᠰᠠᠷ᠎ᠠ ᠵᠢᠨ 2ᠡᠳᠦᠷ ᠮᠠᠨ ᠬᠤᠷᠢᠶᠠᠨ ᠳᠤ ᠡᠬᠢᠯᠡᠨ ᠵᠠᠭᠠᠯᠳᠤᠬᠤ ᠪᠠᠷ ᠰᠢᠯᠵᠢᠭᠦᠯᠦᠨ ᠢᠷᠡᠭᠦᠯᠦᠭᠰᠡᠨ ᠪᠠᠵᠢᠨ᠎ᠠ᠃ ᠮᠠᠨ ᠬᠤᠷᠢᠶ᠎ᠠ ᠨᠢ ᠡᠪᠬᠡᠮᠡᠯ ᠢ ᠭᠠᠷᠳᠠᠨ ᠠᠪᠣᠭᠰᠠᠨ ᠳᠠᠷᠠᠭ᠎ᠠ 7 ᠰᠠᠷ᠎ᠠ ᠵᠢᠨ 2ᠡᠳᠦᠷ ᠵᠠᠭᠠᠯᠳᠤᠭᠳᠠᠭᠴᠢ ᠳᠤ ᠥᠮᠥᠭᠯᠡᠭᠴᠢ ᠵᠠᠯᠠᠬᠤ ᠡᠷᠬᠡ ᠲᠠᠢ ᠭᠡᠵᠦ ᠮᠡᠳᠡᠭᠳᠡᠬᠦ ᠵᠢᠨ ᠬᠠᠮᠲᠤ ᠶᠠᠯ᠎ᠠ ᠪᠠᠨ ᠮᠡᠳᠡᠷᠡᠵᠦ ᠰᠢᠳᠬᠡᠯ ᠢ ᠬᠦᠯᠢᠶᠡᠬᠦ ᠵᠢᠨ ᠬᠠᠤᠯᠢ ᠵᠢᠨ ᠦᠷ᠎ᠡ ᠨᠥᠯᠥᠭᠡ ᠮᠡᠳᠡᠭᠳᠡᠵᠦ᠂ ᠬᠤᠤᠷᠯᠠᠬᠲᠠᠠᠬᠴᠢ ᠳᠤ ᠤᠷᠤᠯᠠᠬᠴᠢ ᠨᠠᠶᠢᠳᠠᠬᠤ ᠡᠷᠭᠡ ᠲᠠᠢ ᠭᠡᠵᠤ ᠮᠡᠳᠡᠭᠳᠡᠪᠡ᠃ ᠬᠠᠤᠯᠢ ᠵᠢᠨ ᠲᠣᠭᠲᠠᠭᠠᠯ ᠶᠣᠰᠤᠭᠠᠷ ᠵᠠᠭᠠᠯᠳᠤᠭᠳᠠᠭᠴᠢ ᠰᠢᠭᠦᠨ ᠠᠰᠠᠭᠤᠵᠤ᠂ ᠵᠠᠭᠠᠯᠳᠣᠭᠳᠠᠭᠴᠢ ᠪᠠ ᠵᠢᠵᠢᠭᠦᠷᠯᠡᠭᠴᠢ ᠬᠠᠤᠯᠢᠴᠢ ᠵᠢᠨ ᠰᠠᠨᠠᠯ ᠢ ᠰᠣᠨᠣᠰᠴᠣ᠂ ᠪᠦᠬᠦ ᠬᠡᠷᠡᠭᠮᠠᠲ᠋ᠧᠷᠢᠶᠠᠯ ᠢ ᠬᠢᠨᠠᠨ ᠪᠠᠶᠢᠴᠠᠭᠠᠪᠠ᠃ ᠵᠠᠭᠠᠯᠳᠤᠭᠳᠠᠭᠴᠢ ᠡ᠊ ** ᠡᠩᠵᠢᠷᠤᠮ ᠢ ᠬᠡᠷᠡᠭᠯᠡᠵᠦ ᠰᠢᠭᠦᠨ ᠲᠠᠰᠤᠯᠬᠤ ᠵᠥᠪᠰᠢᠶᠡᠷᠡᠪᠡ᠃
ᠬᠢᠨᠠᠨ ᠪᠠᠶᠢᠴᠠᠭᠠᠵᠤ ᠲᠣᠲᠣᠯᠠᠭᠰᠠᠨ ᠢᠶᠠᠷ᠄ 2019ᠣᠨ 10 ᠰᠠᠷ᠎ᠠ ᠵᠢᠨ 23 ᠡᠳᠦᠷ9 ᠴᠠᠭᠦᠶ᠎ᠡ ᠪᠠᠷ᠂ ᠵᠠᠭᠠᠯᠳᠤᠬᠳᠠᠬᠴᠢ ᠡ᠊** ᠠᠷᠢᠬᠢᠨ ᠰᠣᠬᠲᠣᠭᠤ ᠪᠠᠷ ᠵᠢᠯᠣᠭᠤᠴᠢ ᠵᠢᠨ ᠦᠨᠡᠮᠯᠡᠯ ᠦᠭᠡᠢ ᠪᠠᠷ 蒙H***** ᠨᠤᠮᠧᠷᠲᠤ ᠪᠠᠭ᠎ᠠ ᠮᠠᠰᠢᠨ ᠲᠡᠷᠭᠡ ᠵᠢᠯᠤᠭᠤᠳᠤᠨ ᠪᠡᠯᠬᠦᠳᠡᠢ ᠪᠠᠯᠭᠠᠰᠤᠨ ᠪᠡᠯᠭᠦᠳᠡᠢ ᠠᠭᠤᠳᠠᠮ ᠲᠠᠯᠠᠪᠠᠢ ᠵᠢᠨ ᠡᠮᠦᠨ᠎ᠡ ᠵᠡᠭᠡᠯᠢ ᠪᠠᠷ ᠵᠡᠬᠦᠨ ᠠᠴᠠ ᠪᠠᠷᠠᠭᠤᠨᠰᠢ ᠶᠠᠪᠤᠵᠦ ᠠᠭᠤᠳᠠᠮ ᠲᠠᠯᠠᠪᠠᠢ ᠵᠢᠨ ᠪᠠᠷᠭᠠᠤᠨ ᠡᠮᠦᠨ᠎ᠡ ᠲᠤᠨᠤᠯᠵᠢᠨ ᠵᠠᠮ ᠬᠦᠷᠬᠦ ᠳᠤ ᠡᠮᠦᠨ᠎ᠡ ᠲᠠᠯ᠎ᠠ ᠳᠤᠨᠢ ᠠᠳᠠᠯᠢ ᠴᠢᠭᠯᠡᠯ ᠢᠶᠠᠷ ᠤᠯᠠᠭᠠᠨ ᠳ᠋ᠧᠩ ᠬᠦᠯᠢᠶᠡᠵᠦ ᠪᠠᠶᠢᠬᠰᠠᠨ ᠬᠤᠤᠷᠯᠠᠬᠲᠠᠬᠴᠢ ᠤ᠊** ᠵᠢᠯᠤᠭᠤᠳᠤᠬᠰᠠᠨ 蒙A***** ᠨᠤᠮᠧᠷᠲᠤ ᠪᠠᠭ᠎ᠠ ᠮᠠᠰᠢᠨ ᠲᠠᠷᠭᠡ ᠵᠢᠨ ᠬᠤᠵᠢᠨ᠎ᠠ ᠠᠴᠠ ᠮᠦᠷᠭᠦᠪᠡ᠃ ᠬᠡᠷᠡᠭᠳᠠᠷᠠᠭᠠ ᠵᠠᠭᠠᠯᠳᠤᠬᠳᠠᠬᠴᠢ ᠡ᠊** ᠲᠤᠬᠠᠢ ᠵᠢᠨ ᠲᠠᠯᠠᠪᠤᠷ ᠠᠴᠠ ᠰᠠᠯᠤᠨ ᠶᠠᠪᠤᠵᠦ ᠵᠠᠮ ᠬᠠᠷᠢᠯᠴᠠᠭᠠᠨ ᠴᠠᠬᠲᠠᠭᠠᠨ ᠶᠡᠭᠡ ᠠᠩᠭᠢ ᠳᠤ ᠤᠴᠢᠵᠦ ᠪᠡᠶ᠎ᠡ ᠪᠠᠨ ᠲᠤᠰᠢᠶᠠᠪᠠ᠃ ᠵᠠᠭᠠᠯᠲᠤᠬᠲᠠᠬᠴᠢ ᠡ᠊** ᠳᠤ ᠠᠮᠢᠰᠬᠤᠯ ᠢᠶᠠᠷ ᠰᠫᠢᠷᠲ ᠰᠢᠯᠭᠠᠨ ᠪᠠᠶᠢᠴᠠᠭᠠᠭᠰᠠᠨ ᠳᠤ ᠳ᠋ᠦᠩ ᠨᠢ 182.1mg/100ml ᠪᠠᠶᠢᠵᠦ᠂ ᠴᠢᠰᠦᠨ ᠳᠤ ᠨᠢ ᠰᠢᠯᠭᠠᠨ ᠪᠠᠶᠢᠴᠠᠭᠠᠯᠳᠠ ᠬᠢᠬᠡᠳ ᠴᠢᠰᠤᠨ ᠳᠠᠬᠢ ᠰᠫᠢᠷᠲ ᠨᠢ 198.79mg/100ml ᠪᠠᠶᠢᠵᠤ᠂ ᠠᠷᠢᠬᠢᠨ ᠳᠤ ᠰᠤᠭᠳᠤᠭᠰᠠᠨ ᠳᠤ ᠲᠤᠭᠠᠴᠠᠭᠳᠠᠨ᠎ᠠ᠃
ᠳᠡᠭᠡᠷᠡᠬᠢ ᠪᠣᠳᠠᠲᠤ ᠬᠡᠷᠡᠭ ᠢ ᠭᠡᠷᠡᠴᠢᠯᠡᠬᠦ ᠭᠡᠷᠡᠴᠢ ᠪᠠᠷᠢᠮᠲᠠ᠄ ᠬᠡᠷᠡᠭ ᠬᠦᠯᠢᠶᠡᠨ ᠠᠪᠤᠭᠰᠠᠨ ᠳᠠᠩᠰᠠᠯᠠᠯ᠂ ᠬᠤᠤᠷᠯᠠᠬᠲᠠᠬᠴᠢ ᠵᠢᠨ ᠲᠤᠭᠠᠴᠢᠯᠲᠠ᠂ ᠭᠡᠷᠡᠴᠢᠯᠡᠭᠴᠢ ᠵᠢᠨ ᠭᠡᠷᠡᠴᠢ᠂ ᠰᠫᠢᠷᠲᠠᠭᠤᠯᠠᠭᠳᠠᠴᠠ ᠵᠢᠨ ᠰᠢᠯᠭᠠᠨ ᠪᠠᠶᠢᠴᠠᠭᠠᠯᠳᠠ ᠵᠢᠨ ᠮᠡᠳᠡᠭᠦᠯᠦᠯᠳᠡ ᠪᠠ ᠵᠠᠭᠠᠯᠳᠤᠭᠳᠠᠭᠴᠢ ᠵᠢᠨ ᠠᠮᠠᠨ ᠦᠴᠢᠭ ᠵᠡᠷᠭᠡ ᠪᠠᠵᠢᠨ᠎ᠠ ᠃
ᠳᠡᠭᠡᠷᠡᠬᠢ ᠭᠡᠷᠡᠴᠢ ᠪᠠᠷᠢᠮᠲᠠ ᠴᠤᠭᠯᠠᠭᠤᠯᠤᠭᠰᠠᠨ ᠵᠢᠷᠤᠮ ᠨᠢ ᠬᠠᠤᠯᠢ ᠵᠢᠨ ᠲᠣᠭᠲᠠᠭᠠᠯ ᠳᠤ ᠨᠡᠶᠢᠴᠡᠵᠦ᠂ ᠠᠭᠤᠯᠭ᠎ᠠ ᠨᠢ ᠪᠤᠰᠤᠳᠴᠢ ᠦᠨᠡᠨ ᠪᠣᠳᠠᠲᠠᠢ᠂ ᠵᠠᠭᠠᠯᠳᠤᠭᠰᠠᠨ ᠶᠠᠯᠠᠲᠤ ᠬᠡᠷᠡᠭ ᠢ ᠭᠡᠷᠡᠴᠢᠯᠡᠵᠦ ᠳᠡᠶᠢᠯᠦᠨ᠎ᠡ᠃ ᠵᠠᠭᠠᠯᠳᠤᠭᠳᠠᠭᠴᠢ ᠡ᠊** ᠵᠠᠭᠠᠯᠲᠤᠭᠰᠠᠨ ᠶᠠᠯᠠᠲᠤ ᠬᠡᠷᠡᠭ ᠪᠠ ᠭᠡᠷᠡᠴᠢ ᠪᠠᠷᠢᠮᠲᠠ ᠳᠤ ᠰᠠᠨᠠᠯ ᠦᠭᠡᠢ᠂ ᠰᠠᠵᠢᠨ ᠳᠤᠷ᠎ᠠ ᠠᠴᠠ ᠪᠠᠨ ᠶᠠᠯ᠎ᠠ ᠪᠠᠨ ᠮᠡᠳᠡᠷᠡᠵᠦ ᠰᠢᠳᠭᠡᠯ ᠬᠦᠯᠢᠶᠡᠨ᠎ᠡ᠃
ᠮᠠᠨ ᠬᠤᠷᠢᠶᠠᠨ ᠦᠵᠡᠬᠦ ᠪᠠᠷ ᠵᠠᠭᠠᠯᠳᠤᠭᠳᠠᠭᠴᠢ ᠡ᠊** ᠤᠯᠤᠰᠬᠠᠤᠯᠢ ᠴᠠᠭᠠᠵᠠ ᠬᠠᠶᠢᠬᠤᠷᠬᠤ ᠦᠭᠡᠢ᠂ ᠰᠤᠭᠳᠤᠭᠤ ᠪᠠᠷ ᠲᠡᠷᠭᠡ ᠵᠢᠯᠤᠭᠤᠳᠤᠭᠰᠠᠨ ᠦᠢᠯᠡ ᠠᠵᠢᠯᠯᠠᠭ᠎ᠠ ᠨᠢ ᠨᠢᠭᠡᠨᠲᠡ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰᠡᠷᠡᠭᠦᠦ ᠵᠢᠨ ᠬᠠᠤᠯᠢ︾ ᠵᠢᠨ ᠵᠠᠭᠤ ᠭᠤᠴᠢᠨ ᠭᠤᠷᠪᠠᠳᠤᠭᠠᠷ ᠵᠦᠢᠯᠨᠢᠭᠡ ᠵᠢᠨ ᠨᠢᠭᠡᠳᠦᠭᠡᠷ ᠵᠤᠷᠪᠤᠰᠬᠤᠶᠠᠳᠤᠭᠠᠷ ᠪᠠᠳᠠᠭ᠂ ᠵᠢᠷᠠᠨ ᠳᠣᠯᠣᠳᠤᠭᠠᠷ ᠵᠦᠢᠯ ᠳᠤ ᠬᠠᠯᠳᠠᠵᠤ᠂ ᠪᠣᠳᠠᠲᠤ ᠬᠡᠷᠡᠭ ᠨᠢ ᠲᠣᠳᠣᠷᠬᠠᠢ᠂ ᠭᠡᠷᠡᠴᠢ ᠪᠠᠷᠢᠮᠲᠠ ᠨᠢ ᠪᠦᠷᠢᠨ ᠭᠦᠢᠴᠡᠳ ᠪᠣᠯᠬᠤᠷ ᠠᠶᠤᠯᠳᠠᠢ ᠵᠢᠯᠤᠭᠤᠳᠤᠭᠰᠠᠨ ᠶᠠᠯ᠎ᠠ ᠪᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠬᠦ ᠶᠣᠰᠣᠲᠠᠢ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰᠡᠷᠡᠭᠦᠦ ᠵᠢᠨ ᠵᠠᠷᠭᠤ ᠵᠢᠨ ᠬᠠᠤᠯᠢ︾ ᠵᠢᠨ ᠵᠠᠭᠤ ᠳᠠᠯᠠᠨ ᠵᠢᠷᠭᠤᠳᠤᠭᠠᠷ ᠵᠦᠢᠯᠨᠢᠭᠡᠳᠦᠭᠡᠷ ᠵᠤᠷᠪᠤᠰᠲᠣᠭᠲᠠᠭᠠᠯ ᠢ ᠦᠨᠳᠦᠰᠦᠯᠡᠨ ᠲᠠᠨ ᠬᠤᠷᠢᠶᠠᠨ ᠳᠤ ᠠᠯᠪᠠᠨ ᠵᠠᠭᠠᠯᠳᠤᠯᠭ᠎ᠠ ᠪᠠᠨ ᠲᠡᠪᠰᠢᠭᠦᠯᠦᠶ᠎ᠡ᠃ ᠬᠠᠤᠯᠢ ᠶᠣᠰᠣᠭᠠᠷ ᠶᠠᠯᠠᠳᠠᠬᠤ ᠪᠤᠯᠪᠠᠤ︕
ᠡᠭᠦᠨ ᠲᠤᠯᠠ
ᠠᠪᠠᠭ᠎ᠠ ᠬᠤᠰᠢᠭᠤᠨ ᠠᠷᠠᠳᠰᠢᠭᠦᠬᠦ ᠬᠤᠷᠢᠶᠠᠨ ᠳᠤ
ᠪᠠᠶᠢᠴᠠᠭᠠᠭᠴᠢ᠄ ᠨᠤᠮᠢᠨᠲᠠᠯᠠ
2020 ᠣᠨ 7 ᠰᠠᠷ᠎ᠠ ᠵᠢᠨ 9 ᠡᠳᠦᠷ
ᠳᠠᠭᠠᠯᠳᠤᠭᠤᠯᠤᠯ᠄
1. ᠵᠠᠭᠠᠯᠳᠣᠭᠳᠠᠭᠴᠢ ᠡ᠊** ᠨᠢᠭᠡᠨᠳᠡ ᠪᠠᠳᠣᠯᠠᠭ᠎ᠠ ᠠᠪᠴᠦ ᠰᠢᠭᠦᠯᠳᠡ ᠬᠦᠯᠢᠶᠡᠬᠦ ᠭᠠᠷ ᠭᠦᠢᠴᠡᠳᠭᠡᠯ ᠬᠢᠪᠡ᠃
2. ᠬᠡᠷᠡᠭᠡᠪᠬᠡᠮᠡᠯ ᠬᠤᠶᠠᠷ ᠳᠡᠪᠲᠡᠷ᠃
3. ᠭᠡᠷᠡᠴᠢᠯᠡᠭᠴᠢ ᠵᠢᠨ ᠨᠡᠷᠡᠰ ᠨᠢᠭᠡ ᠬᠤᠪᠢ᠃
4. ᠶᠠᠯ᠎ᠠ ᠪᠠᠨ ᠮᠡᠳᠡᠷᠡᠨ ᠰᠢᠢᠳᠭᠡᠯ ᠢ ᠭᠦᠯᠢᠶᠡᠵᠦ ᠭᠡᠮᠰᠢᠨ ᠣᠬᠠᠭᠠᠷᠠᠬᠤ ᠪᠠᠳᠣᠯᠠᠭ᠎ᠠ ᠵᠢᠨ ᠪᠢᠴᠢᠭ ᠨᠢᠭᠡ ᠬᠤᠪᠢ᠃
5. ᠡᠷᠡᠭᠦᠦ ᠰᠢᠳᠭᠡᠯ ᠤᠨᠤᠬᠳᠠᠭᠤᠯᠬᠤ ᠰᠠᠨᠠᠭᠤᠯᠭ᠎ᠠ ᠵᠢᠨ ᠪᠢᠴᠢᠭ ᠨᠢᠭᠡ ᠬᠤᠪᠢ᠃