ᠠᠪᠠᠭ᠎ᠠ ᠬᠤᠰᠢᠭᠤᠨ ᠠᠷᠠᠳᠪᠠᠶᠢᠴᠠᠭᠠᠬᠤ ᠬᠤᠷᠢᠶᠠᠨ ᠵᠠᠭᠠᠯᠳᠤᠬᠤ ᠪᠢᠴᠢᠭ
ᠠᠪᠠᠭ᠎ᠠ ᠪᠠᠶᠢᠴᠠᠭᠠᠬᠤ ᠨᠢᠭᠡᠳᠦᠭᠡᠷ ᠬᠡᠯᠲᠡᠰ ᠡᠷᠡᠭᠦᠦ ᠵᠠᠭᠠᠯᠲᠤᠬᠤ ﹇2020﹈ 9 ᠳ᠋ᠦ᠋ᠭᠡᠷ ᠲᠣᠭᠠᠲᠤ
ᠵᠠᠭᠠᠯᠳᠤᠭᠳᠠᠭᠴᠢ᠄ ᠤ᠊**᠂ ᠡᠷᠡᠭᠲᠡᠢ᠂ 1984 ᠣᠨ ᠤ** ᠰᠠᠷ᠎ᠠ ᠵᠢᠨ** ᠡᠳᠦᠷ ᠲᠦᠷᠦᠵᠡᠢ᠂ ᠪᠡᠶ᠎ᠡ ᠵᠢᠨ ᠦᠨᠡᠮᠯᠡᠯᠨᠤᠮᠧᠷ᠄ 1525221984********᠂ ᠮᠤᠩᠭᠤᠯ ᠦᠨᠳᠦᠰᠦᠲᠡᠨ᠂ ᠠᠩᠬ᠎ᠠ ᠳᠤᠮᠳᠠ ᠵᠢᠨ ᠰᠣᠶᠣᠯ ᠲᠠᠢ᠂ ᠮᠠᠯᠴᠢᠨ᠃ ᠤᠭ ᠨᠤᠳᠤᠭ ᠠᠪᠠᠭ᠎ᠠ ᠬᠤᠰᠢᠭᠤ᠂ ᠪᠠᠷᠢᠪᠴᠢᠯᠠᠬᠳᠠᠬᠤ ᠠᠴᠠ ᠡᠮᠦᠨ᠎ᠡ ᠠᠪᠠᠭ᠎ᠠ ᠬᠤᠰᠢᠭᠤᠨ ** ᠰᠤᠮᠤᠨ ** ᠭᠠᠴᠠᠭᠠᠨ ᠳᠤ ᠰᠠᠭᠤᠵᠤ ᠪᠠᠶᠢᠪᠠ᠃ 2019 ᠣᠨ 11 ᠰᠠᠷ᠎ᠠ ᠵᠢᠨ 24 ᠡᠳᠦᠷ ᠵᠣᠭᠤᠰ ᠮᠦᠷᠦᠶᠢᠴᠡᠭᠰᠡᠨ ᠬᠡᠷᠡᠭᠰᠡᠵᠢᠭᠯᠡᠯ ᠢᠶᠠᠷ ᠠᠪᠠᠭ᠎ᠠ ᠬᠤᠰᠢᠭᠤᠨ ᠳᠣᠲᠣᠭᠠᠳᠤ ᠬᠠᠮᠠᠭᠠᠯᠠᠬᠤ ᠲᠣᠪᠴᠢᠶᠠᠨ ᠳᠤ ᠡᠷᠡᠬᠦᠦ ᠵᠢᠨ ᠲᠦᠷ ᠬᠤᠷᠢᠯᠲᠠ ᠪᠠᠷ ᠬᠤᠷᠢᠬᠳᠠᠵᠤ᠂ 2019 ᠤᠨ 12 ᠰᠠᠷ᠎ᠠ ᠵᠢᠨ 31 ᠡᠳᠦᠷ ᠮᠠᠨ ᠬᠤᠷᠢᠶᠠᠨ ᠵᠦᠪᠰᠢᠶᠡᠷᠡᠯ ᠢᠶᠠᠷ ᠠᠪᠠᠭ᠎ᠠ ᠬᠤᠰᠢᠭᠤᠨ ᠳᠣᠲᠣᠭᠠᠳᠤ ᠬᠠᠮᠠᠭᠠᠯᠠᠬᠤ ᠲᠣᠪᠴᠢᠶᠠᠨ ᠳᠤ ᠬᠠᠤᠯᠢ ᠶᠣᠰᠣᠭᠠᠷ ᠪᠠᠷᠢᠪᠴᠢᠯᠠᠬᠲᠠᠪᠡ᠃
ᠵᠠᠭᠠᠯᠳᠤᠭᠳᠠᠭᠴᠢ᠄ ᠡ᠊**᠂ ᠡᠮᠡᠭᠲᠡᠢ᠂ 1984 ᠣᠨ ᠤ** ᠰᠠᠷ᠎ᠠ ᠵᠢᠨ** ᠡᠳᠦᠷ ᠲᠦᠷᠦᠵᠡᠢ᠂ ᠪᠡᠶ᠎ᠡ ᠵᠢᠨ ᠦᠨᠡᠮᠯᠡᠯᠨᠤᠮᠧᠷ᠄ 1528251984********᠂ ᠮᠤᠩᠭᠤᠯ ᠦᠨᠳᠦᠰᠦᠲᠡᠨ᠂ ᠳᠡᠭᠡᠲᠤ ᠵᠡᠷᠭᠡ ᠵᠢᠨ ᠲᠤᠰᠬᠠᠢ ᠮᠡᠷᠭᠡᠵᠢᠯᠰᠣᠶᠣᠯ ᠲᠠᠢ᠂ ᠮᠠᠯᠴᠢᠨ᠃ ᠤᠭ ᠨᠤᠳᠤᠭ ᠪᠠᠶᠠᠨᠨᠠᠭᠤᠷ ᠬᠤᠲᠠ ᠵᠢᠨ** ᠬᠤᠰᠢᠭᠤ᠂ ᠣᠳᠤ ᠠᠪᠠᠭ᠎ᠠ ᠬᠤᠰᠢᠭᠤᠨ ** ᠰᠤᠮᠤᠨ ** ᠭᠠᠴᠠᠭᠠᠨ ᠳᠤ ᠰᠠᠭᠤᠵᠤ ᠪᠠᠵᠢᠨ᠎ᠠ᠃ 2019 ᠣᠨ 11 ᠰᠠᠷ᠎ᠠ ᠵᠢᠨ 25 ᠡᠳᠦᠷ ᠵᠣᠭᠤᠰ ᠮᠦᠷᠦᠶᠢᠴᠡᠭᠰᠡᠨ ᠬᠡᠷᠡᠭᠰᠡᠵᠢᠭᠯᠡᠯ ᠢᠶᠠᠷ ᠠᠪᠠᠭ᠎ᠠ ᠬᠤᠰᠢᠭᠤᠨ ᠳᠣᠲᠣᠭᠠᠳᠤ ᠬᠠᠮᠠᠭᠠᠯᠠᠬᠤ ᠲᠣᠪᠴᠢᠶᠠᠨ ᠳᠤ ᠪᠠᠲᠤᠯᠠᠭ᠎ᠠ ᠠᠪᠴᠤ ᠰᠢᠭᠦᠯᠲᠡ ᠬᠦᠯᠢᠶᠡᠬᠦ ᠭᠠᠷ ᠭᠦᠢᠴᠠᠳᠭᠡᠯ ᠬᠢᠪᠡ᠃
ᠲᠣᠰ ᠬᠡᠷᠡᠭ ᠢ ᠠᠪᠠᠭ᠎ᠠ ᠬᠤᠰᠢᠭᠤᠨ ᠲᠤᠳᠤᠭᠠᠳᠦ ᠬᠠᠮᠠᠭᠠᠯᠠᠬᠤ ᠲᠣᠪᠴᠢᠶᠠᠨ ᠤ ᠬᠢᠨ ᠮᠥᠷᠳᠡᠨ ᠪᠠᠶᠢᠴᠠᠭᠠᠵᠤ ᠳᠠᠭᠤᠰᠬᠠᠭᠠᠳ ᠵᠠᠭᠠᠯᠳᠤᠭᠳᠠᠭᠴᠢ ᠤ᠊**᠂ ᠵᠠᠭᠠᠯᠲᠤᠬᠳᠠᠬᠴᠢ ᠡ᠊** ᠢ ᠵᠣᠭᠤᠰ ᠮᠦᠷᠦᠶᠢᠴᠡᠭᠰᠡᠨ ᠶᠠᠯ᠎ᠠ ᠪᠠᠷ 2020 ᠣᠨ 2ᠰᠠᠷ᠎ᠠ ᠵᠢᠨ 28 ᠡᠳᠦᠷ ᠮᠠᠨ ᠬᠤᠷᠢᠶᠠᠨ ᠳᠤ ᠡᠬᠢᠯᠡᠨ ᠵᠠᠭᠠᠯᠳᠤᠬᠤ ᠪᠠᠷ ᠰᠢᠯᠵᠢᠭᠦᠯᠦᠨ ᠢᠷᠡᠭᠦᠯᠦᠭᠰᠡᠨ ᠪᠠᠵᠢᠨ᠎ᠠ᠃ ᠮᠠᠨ ᠬᠤᠷᠢᠶ᠎ᠠ ᠨᠢ ᠡᠪᠬᠡᠮᠡᠯ ᠢ ᠭᠠᠷᠳᠠᠨ ᠠᠪᠣᠭᠰᠠᠨ ᠳᠠᠷᠠᠭ᠎ᠠ 2 ᠰᠠᠷ᠎ᠠ ᠵᠢᠨ 28 ᠡᠳᠦᠷ ᠵᠠᠭᠠᠯᠳᠤᠭᠳᠠᠭᠴᠢ ᠳᠤ ᠥᠮᠥᠭᠯᠡᠭᠴᠢ ᠵᠠᠯᠠᠬᠤ ᠡᠷᠬᠡ ᠲᠠᠢ ᠭᠡᠵᠦ ᠮᠡᠳᠡᠭᠳᠡᠬᠦ ᠵᠢᠨ ᠬᠠᠮᠲᠤ ᠶᠠᠯ᠎ᠠ ᠪᠠᠨ ᠮᠡᠳᠡᠷᠡᠵᠦ ᠰᠢᠳᠬᠡᠯ ᠢ ᠬᠦᠯᠢᠶᠡᠬᠦ ᠵᠢᠨ ᠬᠠᠤᠯᠢ ᠵᠢᠨ ᠦᠷ᠎ᠡ ᠨᠥᠯᠥᠭᠡ ᠮᠡᠳᠡᠭᠳᠡᠪᠡ᠃ ᠬᠠᠤᠯᠢ ᠵᠢᠨ ᠲᠣᠭᠲᠠᠭᠠᠯ ᠶᠣᠰᠤᠭᠠᠷ ᠵᠠᠭᠠᠯᠳᠤᠭᠳᠠᠭᠴᠢ ᠰᠢᠭᠦᠨ ᠠᠰᠠᠭᠤᠵᠤ᠂ ᠵᠠᠭᠠᠯᠳᠣᠭᠳᠠᠭᠴᠢ ᠪᠠ ᠦᠮᠦᠭᠯᠡᠭᠴᠢ᠂ ᠵᠢᠵᠢᠭᠦᠷᠯᠡᠭᠴᠢ ᠬᠠᠤᠯᠢᠴᠢ ᠵᠢᠨ ᠰᠠᠨᠠᠯ ᠢ ᠰᠣᠨᠣᠰᠴᠣ᠂ ᠪᠦᠬᠦ ᠬᠡᠷᠡᠭᠮᠠᠲ᠋ᠧᠷᠢᠶᠠᠯ ᠢ ᠬᠢᠨᠠᠨ ᠪᠠᠶᠢᠴᠠᠭᠠᠪᠠ᠃ ᠲᠤᠰ ᠬᠤᠷᠢᠶ᠎ᠡ 2020 ᠤᠨ 4 ᠰᠠᠷ᠎ᠠ ᠵᠢᠨ 9 ᠡᠳᠦᠷ ᠲᠤᠷᠰᠢᠨ ᠪᠠᠶᠢᠴᠠᠭᠠᠬᠤ ᠪᠠᠶᠢᠭᠤᠯᠭ᠎ᠠ ᠳᠤ ᠨᠦᠬᠦᠪᠦᠷᠢᠯᠡᠨ ᠲᠤᠷᠰᠢᠨ ᠪᠠᠶᠢᠴᠠᠭᠠᠯᠭᠠᠬᠤ ᠪᠠᠷ ᠪᠤᠴᠠᠭᠠᠵᠤ᠂ ᠲᠤᠷᠰᠢᠨ ᠪᠠᠶᠢᠴᠠᠭᠠᠬᠤ ᠪᠠᠶᠢᠭᠤᠯᠭ᠎ᠠ 2020 ᠤᠨ 5 ᠰᠠᠷ᠎ᠠ ᠵᠢᠨ 9 ᠡᠳᠦᠷ ᠨᠦᠭᠦᠪᠦᠷᠢᠯᠡᠨ ᠪᠠᠶᠢᠴᠠᠭᠠᠭᠠᠳ ᠲᠠᠬᠢᠨ ᠮᠡᠳᠡᠭᠦᠯᠪᠡ᠃ ᠮᠠᠨ ᠬᠤᠷᠢᠶ᠎ᠠ 2020 ᠤᠨ 3 ᠰᠠᠷ᠎ᠠ ᠵᠢᠨ 26 ᠡᠳᠦᠷ ᠬᠠᠤᠯᠢ ᠶᠤᠰᠤᠭᠠᠷ ᠵᠠᠭᠠᠯᠲᠤᠯᠭ᠎ᠠ ᠬᠢᠨᠠᠨ ᠪᠠᠶᠢᠴᠠᠭᠠᠬᠤ ᠬᠤᠭᠤᠴᠠᠭ᠎ᠠ ᠨᠢᠭᠡ ᠤᠳᠠᠭ᠎ᠠ ᠤᠷᠳᠣᠳᠬᠠᠪᠠ᠃ ᠵᠠᠭᠠᠯᠳᠤᠭᠳᠠᠭᠴᠢ ᠤ᠊**᠂ ᠵᠠᠭᠠᠯᠲᠤᠬᠳᠠᠬᠴᠢ ᠡ᠊** ᠡᠩᠵᠢᠷᠤᠮ ᠢ ᠬᠡᠷᠡᠭᠯᠡᠵᠦ ᠰᠢᠭᠦᠨ ᠲᠠᠰᠤᠯᠬᠤ ᠵᠥᠪᠰᠢᠶᠡᠷᠡᠪᠡ᠃
ᠬᠢᠨᠠᠨ ᠪᠠᠶᠢᠴᠠᠭᠠᠵᠤ ᠲᠣᠲᠣᠯᠠᠭᠰᠠᠨ ᠢᠶᠠᠷ᠄ ᠵᠠᠭᠠᠯᠳᠤᠬᠳᠠᠬᠴᠢ ᠤ᠊** ᠠᠰᠢᠭ ᠣᠯᠬᠤ ᠵᠢᠨ ᠲᠦᠯᠦᠭᠡ᠂ 2019ᠣᠨ 9 ᠰᠠᠷ᠎ᠠ ᠳᠤ ᠸᠢᠴᠠᠲ ᠢᠶᠠᠷ ᠸᠢᠴᠠᠲᠨᠡᠷᠡ ᠨᠢ ︽ᠭᠡᠷᠺᠠᠷᠲ︾ ᠭᠡᠳᠡᠭ ᠨᠢᠭᠡ ᠬᠥᠮᠦᠨ ᠠᠴᠠ ᠵᠤᠭᠤᠰ ᠮᠦᠷᠦᠶᠢᠴᠡᠬᠦ ᠬᠡᠯᠭᠢᠶᠠᠰᠤ ᠵᠢᠨ ᠺᠠᠷᠲ ᠬᠤᠲᠠᠯᠳᠤᠨ ᠠᠪᠴᠤ᠂ ᠵᠠᠭᠠᠯᠳᠤᠬᠳᠠᠬᠴᠢ ᠤ᠊** ᠸᠢᠴᠠᠲ ᠵᠢᠨ ᠬᠤᠯᠪᠤᠭ᠎ᠠ ᠪᠠᠶᠢᠭᠤᠯᠤᠨ ᠵᠠᠭᠠᠯᠳᠤᠬᠳᠠᠬᠴᠢ ᠡ᠊** ᠬᠠᠮᠵᠢᠨ ᠬᠤᠯᠪᠤᠭᠠᠨ ᠳᠤ ᠭᠡᠰᠢᠭᠦᠨ ᠳᠠᠲᠠᠨ ᠣᠷᠤᠭᠤᠯᠵᠤ᠂ ᠵᠠᠭᠠᠯᠳᠤᠬᠲᠠᠠᠬᠴᠢ ᠤ᠊**᠂ ᠡ᠊** ᠬᠤᠶᠠᠷ ᠵᠤᠭᠤᠰ ᠮᠦᠷᠦᠶᠢᠴᠡᠬᠦ ᠬᠡᠯᠭᠢᠶᠠᠰᠤ ᠬᠤᠯᠪᠤᠭᠠᠨ ᠳᠤ ᠶᠠᠪᠤᠭᠤᠯᠤᠨ ᠦᠭᠴᠦ ᠬᠤᠯᠪᠤᠭᠠᠨ ᠭᠡᠰᠢᠭᠦᠳ ᠲᠤᠰ ᠬᠡᠯᠬᠢᠶᠠᠰᠦ ᠪᠠᠷ ᠵᠤᠭᠤᠰ ᠮᠦᠷᠦᠶᠢᠴᠡᠬᠦ ᠰᠦᠯᠵᠢᠶᠡᠨ ᠳᠤ ᠤᠷᠤᠵᠦ ︽ᠵᠠ ᠵᠢᠨ ᠬᠤᠸᠠ︾ ᠭᠡᠳᠡᠭ ᠲᠤᠬᠯᠠᠭᠠᠮ ᠠᠷᠭ᠎ᠠ ᠪᠠᠷ ᠵᠤᠭᠤᠰ ᠮᠦᠷᠦᠶᠢᠴᠡᠨ᠂ ᠨᠢᠭᠡ ᠥᠷᠦᠭᠡ ᠲᠤᠬᠠᠯᠠᠵᠤ ᠪᠠᠷᠠᠪᠠᠯ ᠵᠠᠭᠠᠯᠳᠤᠬᠳᠠᠬᠴᠢ ᠤ᠊** ᠬᠠᠮᠤᠭ ᠶᠡᠭᠡ ᠤᠯᠤᠬᠰᠠᠨ ᠬᠦᠮᠦᠨ ᠠᠴᠠ ᠵᠠᠭᠤᠨ ᠠᠷᠪᠠ ᠪᠠᠷ ᠵᠠᠪᠰᠠᠷᠣᠯᠵᠠ ᠠᠪᠴᠤ᠂ 2019ᠣᠨ 9 ᠰᠠᠷ᠎ᠠ ᠵᠢᠨ ᠰᠠᠭᠦᠯᠴᠢ ᠠᠴᠠ 2019 ᠣᠨ 11 ᠰᠠᠷ᠎ᠠ ᠵᠢᠨ ᠬᠤᠭᠤᠷᠤᠨᠲᠤ ᠵᠠᠭᠠᠯᠳᠤᠬᠲᠠᠠᠬᠴᠢ ᠤ᠊**᠂ ᠡ᠊** ᠬᠤᠶᠠᠷᠵᠤᠬᠢᠶᠠᠨ ᠪᠠᠶᠢᠭᠤᠯᠵᠤ ᠵᠤᠭᠤᠰ ᠮᠦᠷᠦᠶᠢᠴᠡᠯᠭᠡᠭᠰᠡᠨ ᠬᠥᠮᠦᠨ ᠨᠡᠶᠢᠲᠡ 26 ᠬᠥᠮᠦᠨ ᠬᠦᠷᠦᠭᠰᠡᠨ ᠪᠠᠵᠢᠨ᠎ᠠ᠃
ᠳᠡᠭᠡᠷᠡᠬᠢ ᠪᠣᠳᠠᠲᠤ ᠬᠡᠷᠡᠭ ᠢ ᠭᠡᠷᠡᠴᠢᠯᠡᠬᠦ ᠭᠡᠷᠡᠴᠢ ᠪᠠᠷᠢᠮᠲᠠ᠄ ᠬᠡᠷᠡᠭ ᠬᠦᠯᠢᠶᠡᠨ ᠠᠪᠤᠭᠰᠠᠨ ᠳᠠᠩᠰᠠᠯᠠᠯ᠂ ᠭᠡᠷᠡᠴᠢᠯᠡᠭᠴᠢ ᠵᠢᠨ ᠭᠡᠷᠡᠴᠢ ᠦᠭᠡ᠂ ᠵᠤᠭᠤᠰ ᠰᠢᠯᠵᠢᠭᠦᠯᠬᠦ ᠵᠦᠭᠡᠯᠡᠨ ᠲᠤᠨᠤᠭᠲᠠᠩᠰᠠ ᠰᠢᠯᠵᠢᠭᠦᠯᠦᠭᠰᠡᠨ ᠲᠡᠮᠳᠡᠭᠯᠡᠯ ᠪᠠ ᠵᠠᠭᠠᠯᠳᠤᠭᠳᠠᠭᠴᠢ ᠵᠢᠨ ᠠᠮᠠᠨ ᠦᠴᠢᠭ ᠵᠡᠷᠭᠡ ᠪᠠᠵᠢᠨ᠎ᠠ ᠃
ᠳᠡᠭᠡᠷᠡᠬᠢ ᠭᠡᠷᠡᠴᠢ ᠪᠠᠷᠢᠮᠲᠠ ᠴᠤᠭᠯᠠᠭᠤᠯᠤᠭᠰᠠᠨ ᠵᠢᠷᠤᠮ ᠨᠢ ᠬᠠᠤᠯᠢ ᠵᠢᠨ ᠲᠣᠭᠲᠠᠭᠠᠯ ᠳᠤ ᠨᠡᠶᠢᠴᠡᠵᠦ᠂ ᠠᠭᠤᠯᠭ᠎ᠠ ᠨᠢ ᠪᠤᠰᠤᠳᠴᠢ ᠦᠨᠡᠨ ᠪᠣᠳᠠᠲᠠᠢ᠂ ᠵᠠᠭᠠᠯᠳᠤᠭᠰᠠᠨ ᠶᠠᠯᠠᠲᠤ ᠬᠡᠷᠡᠭ ᠢ ᠭᠡᠷᠡᠴᠢᠯᠡᠵᠦ ᠳᠡᠶᠢᠯᠦᠨ᠎ᠡ᠃ ᠵᠠᠭᠠᠯᠳᠤᠭᠳᠠᠭᠴᠢ ᠤ᠊**᠂ ᠵᠠᠭᠠᠯᠲᠤᠬᠳᠠᠬᠴᠢ ᠡ᠊** ᠵᠠᠭᠠᠯᠲᠤᠭᠰᠠᠨ ᠶᠠᠯᠠᠲᠤ ᠬᠡᠷᠡᠭ ᠪᠠ ᠭᠡᠷᠡᠴᠢ ᠪᠠᠷᠢᠮᠲᠠ ᠳᠤ ᠰᠠᠨᠠᠯ ᠦᠭᠡᠢ᠂ ᠰᠠᠵᠢᠨ ᠳᠤᠷ᠎ᠠ ᠠᠴᠠ ᠪᠠᠨ ᠶᠠᠯ᠎ᠠ ᠪᠠᠨ ᠮᠡᠳᠡᠷᠡᠵᠦ᠂ ᠰᠢᠳᠭᠡᠯ ᠢ ᠬᠦᠯᠢᠶᠡᠨ᠎ᠡ᠃
ᠮᠠᠨ ᠬᠤᠷᠢᠶᠠᠨ ᠦᠵᠡᠬᠦ ᠪᠠᠷ ᠵᠠᠭᠠᠯᠳᠤᠭᠳᠠᠭᠴᠢ ᠤ᠊**᠂ ᠵᠠᠭᠠᠯᠲᠤᠬᠳᠠᠬᠴᠢ ᠡ᠊** ᠤᠯᠤᠰᠬᠠᠤᠯᠢ ᠴᠠᠭᠠᠵᠠ ᠬᠠᠶᠢᠬᠤᠷᠬᠤ ᠦᠭᠡᠢ᠂ ᠪᠤᠰᠤᠳ ᠢ ᠵᠤᠬᠢᠶᠠᠨ ᠪᠠᠶᠢᠭᠤᠯᠤᠨ ᠵᠣᠭᠤᠰ ᠮᠦᠷᠦᠶᠢᠴᠡᠯᠭᠡᠨ ᠠᠰᠢᠭ ᠤᠯᠵᠦ᠂ ᠦᠢᠯᠡ ᠠᠵᠢᠯᠯᠠᠭ᠎ᠠ ᠨᠢ ᠨᠢᠭᠡᠨᠲᠡ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰᠡᠷᠡᠭᠦᠦ ᠵᠢᠨ ᠬᠠᠤᠯᠢ︾ ᠵᠢᠨ ᠭᠤᠷᠪᠠᠨ ᠵᠠᠭᠤ ᠪᠦᠭᠡᠳ ᠭᠤᠷᠪᠠᠳᠤᠭᠠᠷ ᠵᠦᠢᠯᠨᠢᠭᠡᠳᠦᠭᠡᠷ ᠵᠤᠷᠪᠤᠰ ᠂ ᠬᠤᠷᠢᠨ ᠲᠠᠪᠤᠳᠤᠭᠠᠷ ᠵᠦᠢᠯ᠂ ᠬᠤᠷᠢᠨ ᠵᠢᠷᠭᠤᠳᠤᠭᠠᠷ ᠵᠦᠢᠯ᠂ ᠬᠤᠷᠢᠨ ᠳᠤᠯᠤᠳᠤᠭᠠᠷ ᠵᠦᠢᠯ ᠳᠤ ᠬᠠᠯᠳᠠᠵᠤ᠂ ᠪᠣᠳᠠᠲᠤ ᠬᠡᠷᠡᠭ ᠨᠢ ᠲᠣᠳᠣᠷᠬᠠᠢ᠂ ᠭᠡᠷᠡᠴᠢ ᠪᠠᠷᠢᠮᠲᠠ ᠨᠢ ᠪᠦᠷᠢᠨ ᠭᠦᠢᠴᠡᠳ ᠪᠣᠯᠬᠤᠷ ᠵᠤᠭᠤᠰ ᠮᠦᠷᠦᠶᠢᠴᠡᠭᠰᠡᠨ ᠶᠠᠯ᠎ᠠ ᠪᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠬᠦ ᠶᠣᠰᠣᠲᠠᠢ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰᠡᠷᠡᠭᠦᠦ ᠵᠢᠨ ᠵᠠᠷᠭᠤ ᠵᠢᠨ ᠬᠠᠤᠯᠢ︾ ᠵᠢᠨ ᠵᠠᠭᠤ ᠳᠠᠯᠠᠨ ᠵᠢᠷᠭᠤᠳᠤᠭᠠᠷ ᠵᠦᠢᠯᠲᠣᠭᠲᠠᠭᠠᠯ ᠢ ᠦᠨᠳᠦᠰᠦᠯᠡᠨ ᠲᠠᠨ ᠬᠤᠷᠢᠶᠠᠨ ᠳᠤ ᠠᠯᠪᠠᠨ ᠵᠠᠭᠠᠯᠳᠤᠯᠭ᠎ᠠ ᠪᠠᠨ ᠳᠡᠪᠰᠢᠭᠦᠯᠦᠶ᠎ᠡ᠃ ᠬᠠᠤᠯᠢ ᠶᠣᠰᠣᠭᠠᠷ ᠶᠠᠯᠠᠳᠠᠬᠤ ᠪᠤᠯᠪᠠᠤ︕
ᠡᠭᠦᠨ ᠲᠤᠯᠠ
ᠠᠪᠠᠭ᠎ᠠ ᠬᠤᠰᠢᠭᠤᠨ ᠠᠷᠠᠳᠰᠢᠭᠦᠬᠦ ᠬᠤᠷᠢᠶᠠᠨ ᠳᠤ
ᠪᠠᠶᠢᠴᠠᠭᠠᠭᠴᠢ᠄ ᠨᠤᠮᠢᠨᠲᠠᠯᠠ
2020 ᠣᠨ 6 ᠰᠠᠷ᠎ᠠ ᠵᠢᠨ 22ᠡᠳᠦᠷ
ᠳᠠᠭᠠᠯᠳᠤᠭᠤᠯᠤᠯ᠄
1. ᠵᠠᠭᠠᠯᠳᠣᠭᠳᠠᠭᠴᠢ ᠤ᠊** ᠣᠳᠤ ᠠᠪᠠᠭ᠎ᠠ ᠬᠤᠰᠢᠭᠤᠨ ᠰᠠᠬᠢᠨ ᠬᠤᠷᠢᠬᠤ ᠭᠠᠵᠠᠷ ᠬᠤᠷᠢᠬᠲᠠᠵᠤ᠂ ᠵᠠᠭᠠᠯᠲᠤᠬᠳᠠᠬᠴᠢ ᠡ᠊** ᠨᠢᠭᠡᠨᠳᠡ ᠪᠠᠳᠣᠯᠠᠭ᠎ᠠ ᠠᠪᠴᠦ ᠰᠢᠭᠦᠯᠳᠡ ᠬᠦᠯᠢᠶᠡᠬᠦ ᠭᠠᠷ ᠭᠦᠢᠴᠡᠳᠭᠡᠯ ᠬᠢᠪᠡ᠃
2. ᠬᠡᠷᠡᠭᠡᠪᠬᠡᠮᠡᠯ ᠵᠢᠷᠭᠤᠭᠠᠨ ᠳᠡᠪᠲᠡᠷ᠃
3. ᠭᠡᠷᠡᠴᠢᠯᠡᠭᠴᠢ ᠵᠢᠨ ᠨᠡᠷᠡᠰ ᠨᠢᠭᠡ ᠬᠤᠪᠢ᠃
4. ᠬᠡᠷᠡᠭ ᠲᠤ ᠬᠤᠯᠪᠤᠭᠳᠠᠭᠰᠠᠨ ᠭᠠᠷ ᠤᠳᠠᠰᠤ ᠬᠤᠶᠠᠷ᠃