ᠠᠪᠠᠭ᠎ᠠ ᠬᠣᠰᠢᠭᠤᠨ ᠠᠷᠠᠳᠪᠠᠶᠢᠴᠠᠭᠠᠬᠤ ᠬᠣᠷᠢᠶᠠᠨ ᠵᠠᠭᠠᠯᠳᠤᠬᠤ ᠪᠢᠴᠢᠭ
ᠠᠪᠠᠭ᠎ᠠ ᠪᠠᠶᠢᠴᠠᠭᠠᠬᠤ ᠡᠷᠡᠭᠦᠦ ᠵᠠᠭᠠᠯᠳᠤᠬᠤ〔2019〕81ᠳ᠋ᠦ᠋ᠭᠡᠷ ᠲᠣᠭᠠᠲᠤ
ᠵᠠᠭᠠᠯᠳᠤᠭᠳᠠᠭᠴᠢ ᠭᠠᠩ **᠂ ᠡᠷᠡᠭᠲᠡᠢ᠂ 1993 ᠣᠨ ᠤ ** ᠰᠠᠷ᠎ᠠ ᠵᠢᠨ ** ᠡᠲᠦᠷ ᠲᠦᠷᠦᠵᠡᠢ ᠂ᠪᠡᠶ᠎ᠡ ᠵᠢᠨ ᠦᠨᠡᠮᠯᠡᠯᠨᠣᠮᠸᠷ᠄1525221993********᠂ ᠡᠷᠦᠬᠡ ᠠᠮᠠ ᠪᠠᠶᠢᠭ᠎ᠠ ᠭᠠᠵᠠᠷ ᠄ ᠦᠪᠦᠷ ᠮᠤᠩᠭᠤᠯ ᠠᠪᠠᠭ᠎ᠠ ᠬᠣᠰᠢᠭᠤᠨ ** ᠰᠤᠮᠤᠨ ** ᠭᠠᠴᠠᠭ᠎ᠠ ᠮᠤᠩᠭᠤᠯ ᠦᠨᠳᠦᠰᠦᠲᠡᠨ᠂ ᠶᠡᠬᠡ ᠰᠤᠷᠭᠠᠭᠤᠯᠢ ᠵᠢᠨ ᠰᠣᠶᠤᠯ ᠲᠠᠢ᠂ ᠠᠵᠢᠯ ᠦᠭᠡᠢ ᠣᠳᠤ ᠠᠪᠠᠭ᠎ᠠ ᠬᠣᠰᠢᠭᠤᠨ ** ᠪᠠᠯᠭᠠᠰᠤᠨ ** ᠲᠣᠭᠤᠷᠢᠭ ᠲᠤ ᠰᠠᠭᠤᠵᠦ ᠪᠤᠢ᠂ ᠶᠠᠯᠠᠯᠠᠭᠳᠠᠵᠤ ᠦᠩᠭᠡᠷᠡᠭᠰᠡᠨ ᠦᠭᠡᠢ ᠃ 2019 ᠣᠨ 4 ᠰᠠᠷ᠎ᠠ ᠵᠢᠨ 17 ᠡᠳᠦᠷ ᠠᠶᠤᠯᠲᠠᠢ ᠵᠢᠯᠤᠭᠤᠳᠤᠭᠰᠠᠨ ᠬᠡᠷᠡᠭᠰᠡᠵᠢᠭᠯᠡᠯ ᠢᠶᠡᠷ ᠠᠪᠠᠭ᠎ᠠ ᠬᠣᠰᠢᠭᠤᠨ ᠳᠣᠲᠤᠭᠠᠳᠤ ᠬᠠᠮᠠᠭᠠᠯᠠᠬᠤ ᠲᠤᠪᠴᠢᠶᠠᠨ ᠳᠤ ᠬᠠᠤᠯᠢ ᠶᠣᠰᠤᠭᠠᠷ ᠪᠠᠲᠤᠯᠠᠭ᠎ᠠ ᠠᠪᠴᠦ ᠰᠢᠭᠦᠯᠲᠡ ᠬᠦᠯᠢᠶᠡᠬᠦ ᠭᠠᠷ ᠭᠦᠢᠴᠡᠳᠭᠡᠯ ᠬᠢᠪᠡ᠃ 2019 ᠣᠨ 12 ᠰᠠᠷ᠎ᠠ ᠵᠢᠨ 3 ᠤ ᠡᠳᠦᠷ ᠮᠠᠨ ᠬᠣᠷᠢᠶᠠᠨ ᠳᠤ ᠳᠠᠬᠢᠨᠲᠠ ᠪᠠᠲᠤᠯᠠᠭ᠎ᠠ ᠠᠪᠴᠤ ᠰᠢᠭᠦᠯᠲᠡ ᠶᠢ ᠭᠠᠷ ᠭᠦᠢᠴᠡᠳᠭᠡᠯ ᠬᠢᠪᠡ᠃
ᠲᠤᠰ ᠬᠡᠷᠡᠭ ᠢ ᠠᠪᠠᠭ᠎ᠠ ᠬᠣᠰᠢᠭᠤᠨ ᠳᠣᠲᠤᠭᠠᠳᠤ ᠬᠠᠮᠠᠭᠠᠯᠠᠬᠤ ᠪᠠᠶᠢᠴᠠᠭᠠᠵᠤ ᠳᠠᠭᠤᠰᠬᠠᠭᠠᠳ᠂ ᠵᠠᠭᠠᠯᠳᠤᠭᠳᠠᠭᠴᠢ ᠭᠠᠩ ** ᠠᠶᠤᠯᠲᠠᠢ ᠵᠢᠯᠤᠭᠤᠳᠤᠭᠰᠠᠨ ᠶᠠᠯ᠎ᠠ ᠵᠢᠨ ᠰᠡᠵᠢᠭᠯᠡᠯ ᠢᠶᠡᠷ ᠂ 2019 ᠣᠨ ᠤ 12 ᠰᠠᠷ᠎ᠠ ᠵᠢᠨ 3 ᠤ ᠡᠳᠦᠷ ᠮᠠᠨ ᠬᠣᠷᠢᠶᠠᠨ ᠳᠤ ᠬᠢᠨᠠᠨ ᠵᠠᠭᠠᠯᠳᠤᠭᠤᠯᠬᠤ ᠪᠡᠷ ᠰᠢᠯᠵᠢᠭᠦᠯᠦᠨ ᠢᠷᠡᠭᠦᠯᠵᠡᠢ ᠃ ᠲᠤᠰ ᠬᠤᠷᠢᠶ᠎ᠠ ᠬᠡᠷᠡᠭ ᠢ ᠬᠦᠯᠢᠶᠡᠨ ᠠᠪᠤᠭᠰᠠᠨ ᠳᠠᠷᠠᠭ᠎ᠠ᠂ 2019 ᠣᠨ ᠤ 12 ᠰᠠᠷ᠎ᠠ ᠵᠢᠨ 3 ᠡᠲᠦᠷ ᠵᠠᠭᠠᠯᠳᠤᠭᠳᠠᠭᠴᠢ ᠳᠤ ᠦᠮᠦᠭᠯᠡᠭᠴᠢ ᠵᠠᠯᠠᠬᠤ ᠡᠷᠬᠡ ᠲᠠᠢ ᠪᠠ ᠶᠠᠯ᠎ᠠ ᠪᠠᠨ ᠮᠡᠳᠡᠷᠡᠵᠤ ᠰᠢᠳᠭᠡᠯ ᠬᠦᠯᠢᠶᠡᠬᠦ ᠵᠢᠨ ᠬᠠᠤᠯᠢ ᠵᠢᠨ ᠦᠷ᠎ᠡ ᠨᠦᠯᠦᠭᠡ ᠮᠡᠳᠡᠭᠳᠡᠨ᠂ ᠬᠣᠣᠷᠯᠠᠭᠳᠠᠭᠴᠢ ᠳᠦ ᠵᠠᠷᠭᠤ ᠵᠢᠨ ᠣᠷᠤᠯᠠᠭᠴᠢ ᠨᠠᠶᠢᠳᠠᠬᠤ ᠡᠷᠬᠡ ᠲᠠᠢ ᠭᠡᠵᠤ ᠮᠡᠳᠡᠭᠳᠡᠪᠡ᠃ ᠵᠠᠭᠠᠯᠳᠤᠭᠳᠠᠭᠴᠢ ᠶᠢ ᠰᠢᠭᠦᠨ ᠠᠰᠠᠭᠤᠵᠤ ᠂ ᠵᠠᠭᠠᠯᠳᠤᠭᠳᠠᠭᠴᠢ ᠪᠠ ᠵᠢᠵᠢᠭᠦᠷᠯᠡᠭᠴᠢ ᠬᠠᠤᠯᠢᠴᠢ ᠵᠢᠨ ᠰᠠᠨᠠᠯ ᠢ ᠰᠣᠨᠤᠰᠴᠤ᠂ ᠪᠦᠬᠦ ᠬᠡᠷᠡᠭ ᠦᠨ ᠮᠠᠲᠸᠷᠢᠶᠠᠯ ᠢ ᠬᠢᠨᠠᠨ ᠪᠠᠶᠢᠴᠠᠭᠠᠪᠠ ᠃ ᠵᠠᠭᠠᠯᠳᠤᠭᠳᠠᠭᠴᠢ ᠭᠠᠩ ** ᠳᠦᠭᠦᠮ ᠵᠢᠷᠤᠮ ᠢᠶᠠᠷ ᠰᠢᠭᠦᠬᠦ ᠵᠦᠪᠰᠢᠶᠡᠷᠡᠪᠡ᠃
ᠬᠠᠤᠯᠢ ᠶᠣᠰᠤᠭᠠᠷ ᠬᠢᠨᠠᠨ ᠪᠠᠶᠢᠴᠠᠭᠠᠵᠤ ᠲᠤᠳᠤᠯᠠᠭᠰᠠᠨ ᠨᠢ ᠄ 2019 ᠣᠨ 3 ᠰᠠᠷ᠎ᠠ ᠵᠢᠨ 25 ᠡᠲᠦᠷ 21ᠴᠠᠭ 10 ᠮᠢᠨᠦ᠋ᠲᠦᠶᠡ ᠪᠡᠷ᠂ ᠵᠠᠭᠠᠯᠳᠤᠭᠳᠠᠭᠴᠢ ᠭᠠᠩ** ᠠᠷᠢᠬᠢᠨ ᠰᠣᠭᠲᠤᠭᠤ ᠪᠠᠷ蒙H****L ᠨᠣᠮᠸᠷᠲᠤ ᠪᠠᠭ᠎ᠠ ᠵᠢᠯᠤᠭᠤᠳᠤᠨ᠂ ** ᠪᠠᠯᠭᠠᠰᠤᠨ ᠭᠣᠣᠯ ᠲᠤᠨᠤᠯᠵᠢᠨ ᠵᠠᠮ ᠢᠶᠠᠷ ᠬᠣᠶᠢᠰᠢ ᠶᠠᠪᠤᠵᠤ ᠪᠠᠭᠠᠴᠣᠳᠣᠷᠳᠣᠨ ᠬᠦᠷᠬᠦ ᠳᠤ ** ᠰᠠᠭᠤᠭᠠᠯᠢ ᠲᠤᠭᠤᠷᠢᠭᠡᠭᠦᠳᠡᠨ ᠡᠴᠡ ᠪᠠᠷᠠᠭᠤᠨᠰᠢ ᠶᠠᠪᠤᠵᠤ ᠪᠠᠶᠢᠭᠰᠠᠨ ᠴᠠᠬᠢᠯᠭᠠᠨ ᠮᠣᠲ᠋ᠣᠷ ᠡᠴᠡ ᠵᠠᠶᠢᠯᠠᠭᠠᠳ ᠲᠡᠷᠭᠡ ᠨᠢ ᠬᠦᠷᠪᠡᠵᠤ᠂ ᠵᠠᠮᠬᠠᠵᠠᠭᠤ ᠵᠢᠨ ᠷᠠᠳᠢᠣ᠋ ᠲᠤᠣᠷ ᠰᠦᠯᠵᠢᠶ᠎ᠡ ᠪᠠ ᠰᠢᠯᠵᠢᠮᠡᠯ ᠴᠢᠮᠡᠭᠡ ᠨᠡᠪᠳᠡᠷᠡᠭᠦᠯᠭᠡ ᠵᠢᠨ ᠬᠠᠶᠢᠷᠴᠠᠭ ᠢ ᠮᠦᠷᠭᠦᠨ ᠡᠪᠳᠦᠯᠡᠵᠤ᠂ ᠳᠠᠬᠢᠨ ᠴᠠᠬᠢᠯᠭᠠᠨ ᠮᠣᠲ᠋ᠤᠷ ᠲᠠᠢ ᠵᠸᠥ ** ᠣᠨᠤᠨ ᠰᠢᠷᠬᠠᠳᠤᠭᠤᠯᠪᠠ᠂ ᠵᠠᠭᠠᠯᠳᠤᠭᠳᠠᠭᠴᠢ ᠭᠠᠩ ** ᠲᠤᠰ ᠬᠡᠷᠡᠭᠪᠦᠬᠦ ᠬᠠᠷᠢᠭᠤᠴᠠᠯᠭ᠎ᠠ ᠡᠭᠦᠷᠭᠡᠯᠡᠨ᠎ᠡ᠃ ᠭᠠᠩ** ᠵᠢᠨ ᠬᠡᠮᠵᠢᠶ᠎ᠡ 224.63 mg/100 ml ᠪᠠᠶᠢᠵᠤ᠂ ᠠᠷᠢᠬᠢᠨ ᠳᠤ ᠰᠣᠭᠲᠤᠭᠰᠠᠨ ᠳᠤ ᠲᠣᠭᠠᠴᠢᠭᠳᠠᠨ᠎ᠠ᠃
ᠳᠡᠭᠡᠷᠡᠬᠢ ᠪᠤᠳᠠᠳᠤ ᠶᠠᠪᠤᠳᠠᠯ ᠢ ᠨᠣᠲᠠᠯᠠᠬᠤ ᠭᠡᠷᠡᠴᠢ ᠪᠠᠷᠢᠮᠳᠠ᠄ ᠬᠡᠷᠡᠭ ᠬᠦᠯᠢᠶᠡᠨ ᠠᠪᠤᠭᠰᠠᠨ ᠳᠠᠩᠰᠠᠯᠠᠯ᠂ ᠵᠠᠭᠠᠯᠳᠤᠭᠳᠠᠭᠴᠢ ᠵᠢᠨ ᠪᠠᠷᠢᠭᠳᠠᠭᠰᠠᠨ ᠦᠩᠭᠡᠷᠡᠯᠲᠡ᠂ ᠡᠷᠦᠬᠡ ᠠᠮᠠ ᠵᠢᠨ ᠭᠡᠷᠡᠴᠢ᠂ ᠬᠡᠮᠵᠢᠶᠡᠨ ᠦ ᠭᠡᠷᠡᠴᠢ ᠪᠠ ᠵᠠᠮ ᠬᠠᠷᠢᠯᠴᠠᠭᠠᠨ ᠬᠠᠮᠢᠶᠠᠷᠤᠯᠲᠠ ᠵᠢᠨ ᠰᠢᠳᠭᠡᠯ ᠢᠶᠡᠷ ᠰᠢᠳᠭᠡᠬᠦ ᠲᠤᠭᠲᠠᠭᠠᠯᠪᠢᠴᠢᠭ᠂ ᠬᠡᠯᠡᠯᠴᠡᠭᠡᠷᠪᠢᠴᠢᠭ ᠪᠠ ᠠᠭᠤᠴᠢᠯᠠᠯᠪᠢᠴᠢᠭ ᠵᠡᠷᠭᠡ ᠪᠢᠴᠢᠭᠭᠡᠷᠡᠴᠢ︔ ᠬᠣᠣᠷᠯᠠᠭᠳᠠᠭᠴᠢ ᠵᠸᠥ ** ᠵᠢᠨ ᠲᠣᠭᠠᠴᠢᠯᠲᠠ︔ ᠭᠡᠷᠡᠴᠢᠯᠡᠭᠴᠢ ᠮᠧᠢ ** ᠵᠢᠨ ᠭᠡᠷᠡᠴᠢ ᠦᠭᠡ︔ ᠵᠠᠮ ᠬᠠᠷᠢᠯᠴᠠᠭᠠᠨ ᠭᠡᠨᠡᠳᠡᠯ ᠢ ᠮᠠᠭᠠᠳᠯᠠᠨ ᠲᠤᠭᠲᠠᠭᠠᠭᠰᠠᠨ ᠪᠢᠴᠢᠭ᠂ ᠬᠠᠤᠯᠢ ᠴᠠᠭᠠᠵᠠ ᠵᠢᠨ ᠬᠢᠨᠠᠨ ᠲᠤᠭᠲᠠᠭᠠᠬᠤ ᠡᠷᠭᠦᠳᠡᠯᠪᠢᠴᠢᠭ᠂ ᠪᠢᠴᠢᠭ︔ ᠰᠡᠭᠦᠳᠡᠷ ᠪᠠᠵᠢᠨ᠎ᠠ᠃
ᠳᠡᠭᠡᠷᠡᠬᠢ ᠭᠡᠷᠡᠴᠢ ᠪᠠᠷᠢᠮᠳᠠ ᠴᠤᠭᠯᠠᠭᠤᠯᠤᠭᠰᠠᠨ ᠵᠢᠷᠤᠮ ᠨᠢ ᠬᠠᠤᠯᠢ ᠵᠢᠨ ᠲᠤᠭᠲᠠᠭᠠᠯ ᠳᠤ ᠨᠡᠶᠢᠴᠡᠵᠤ᠂ ᠠᠭᠤᠯᠭ᠎ᠠ ᠨᠢ ᠪᠣᠰᠤᠳᠴᠢ ᠦᠨᠡᠨ ᠪᠣᠳᠠᠲᠠᠢ᠂ ᠵᠠᠭᠠᠯᠳᠤᠭᠰᠠᠨ ᠶᠠᠯᠠᠲᠤ ᠬᠡᠷᠡᠭ ᠢ ᠭᠡᠷᠡᠴᠢᠯᠡᠵᠤ ᠳᠡᠶᠢᠯᠦᠨ᠎ᠡ᠃ ᠵᠠᠭᠠᠯᠳᠤᠭᠳᠠᠭᠴᠢ ᠭᠠᠩ** ᠵᠠᠭᠠᠯᠳᠤᠭᠰᠠᠨ ᠶᠠᠯᠠᠲᠤ ᠬᠡᠷᠡᠭ ᠪᠠ ᠭᠡᠷᠡᠴᠢ ᠪᠠᠷᠢᠮᠳᠠ ᠳᠤ ᠰᠠᠨᠠᠯ ᠦᠭᠡᠢ᠂ ᠰᠠᠵᠢᠨ ᠳᠤᠷ᠎ᠠ ᠠᠴᠠ ᠪᠠᠨ ᠶᠠᠯ᠎ᠠ ᠪᠠᠨ ᠮᠡᠳᠡᠷᠡᠵᠤ᠂ ᠰᠢᠳᠭᠡᠯ ᠬᠦᠯᠢᠶᠡᠨ᠎ᠡ᠃
ᠭᠠᠩ** ᠬᠠᠶᠢᠬᠤᠷᠬᠤ ᠦᠭᠡᠢ ᠰᠣᠭᠲᠤᠭᠤ ᠪᠠᠷ ︽ ︾ ︽ ︾ ᠵᠢᠷᠭᠤᠳᠤᠭᠠᠷ ᠨᠢᠭᠡᠳᠦᠭᠡᠷ ᠵᠣᠷᠪᠤᠰ
ᠡᠭᠦᠨ ᠦ ᠲᠤᠯᠠ
ᠠᠪᠠᠭ᠎ᠠ ᠬᠣᠰᠢᠭᠤᠨ ᠠᠷᠠᠳᠰᠢᠬᠦᠬᠦ ᠬᠣᠷᠢᠶᠠᠨ ᠳᠤ
ᠪᠠᠶᠢᠴᠠᠭᠠᠭᠴᠢ ᠄ ᠾᠦᠸ᠋ᠸ ᠲᠠᠨ᠎ᠠ
2019 ᠤᠨ 12 ᠰᠠᠷ᠎ᠠ ᠵᠢᠨ 16 ᠡᠳᠦᠷ
ᠲᠠᠭᠠᠯᠳᠤᠭᠤᠯᠤᠯ ᠄
1. ᠵᠠᠭᠠᠯᠳᠤᠭᠳᠠᠭᠴᠢ ᠭᠠᠩ** ᠠᠪᠠᠭ᠎ᠠ ᠬᠣᠰᠢᠭᠤᠨ ** ᠲᠣᠭᠤᠷᠢᠭ** ᠠᠰᠠᠷ** ᠨᠢᠭᠡᠴᠡ ᠵᠢᠨ** ᠳᠦ ᠪᠠᠲᠤᠯᠠᠭ᠎ᠠ ᠠᠪᠴᠦ ᠰᠢᠭᠦᠯᠲᠡ ᠬᠦᠯᠢᠶᠡᠵᠤ ᠪᠠᠵᠢᠨ᠎ᠠ᠃
2. ᠬᠡᠷᠡᠭᠡᠪᠬᠡᠮᠡᠯ ᠬᠣᠶᠠᠷ ᠪᠣᠳᠢ᠃
3. ᠶᠠᠯ᠎ᠠ ᠪᠠᠨ ᠮᠡᠳᠡᠷᠡᠨ ᠰᠢᠳᠭᠡᠯ ᠬᠦᠯᠢᠶᠡᠵᠤ ᠭᠡᠮᠰᠢᠨ ᠤᠬᠠᠭᠠᠷᠠᠬᠤ ᠪᠠᠲᠤᠯᠠᠭ᠎ᠠ ᠵᠢᠨ ᠪᠢᠴᠢᠭ ᠨᠢᠭᠡ ᠬᠤᠪᠢ᠃