ᠠᠪᠠᠭ᠎ᠠ ᠬᠣᠰᠢᠭᠤᠨ ᠠᠷᠠᠳᠪᠠᠶᠢᠴᠠᠭᠠᠬᠤ ᠬᠣᠷᠢᠶᠠᠨ ᠵᠠᠭᠠᠯᠳᠤᠬᠤ ᠪᠢᠴᠢᠭ
ᠠᠪᠠᠭ᠎ᠠ ᠪᠠᠶᠢᠴᠠᠭᠠᠬᠤ ᠡᠷᠡᠭᠦᠦ ᠵᠠᠭᠠᠯᠳᠤᠬᠤ〔2019〕78 ᠳ᠋ᠤᠭᠠᠷ ᠲᠣᠭᠠᠲᠤ
ᠵᠠᠭᠠᠯᠳᠤᠭᠳᠠᠭᠴᠢ ᠨᠠ **᠂ ᠡᠷᠡᠭᠲᠡᠢ ᠂ 1986 ᠣᠨ ** ᠰᠠᠷ᠎ᠠ ᠵᠢᠨ ** ᠡᠲᠦᠷ ᠲᠦᠷᠦᠵᠡᠢ ᠂ ᠪᠡᠶ᠎ᠡ ᠵᠢᠨᠦᠨᠡᠮᠯᠡᠯ ᠦᠨᠨᠣᠮᠸᠷ᠄1525221986********᠂ ᠡᠷᠦᠬᠡ ᠠᠮᠠ ᠪᠠᠶᠢᠭ᠎ᠠ ᠭᠠᠵᠠᠷ ᠄ ᠦᠪᠦᠷ ᠮᠤᠩᠭᠤᠯᠰᠢᠯᠢ ᠵᠢᠨ ᠭᠣᠣᠯ ᠠᠶᠢᠮᠠᠭᠠᠪᠠᠭᠠ ᠬᠣᠰᠢᠭᠤ᠂ ᠮᠤᠩᠭᠤᠯ ᠂ ᠠᠩᠬ᠎ᠠ ᠳᠤᠮᠳᠠ ᠵᠢᠨ ᠰᠣᠶᠤᠯ ᠲᠠᠢ᠂ ᠮᠠᠯᠴᠢᠨ᠂ ᠣᠳᠤ ᠠᠪᠠᠭ᠎ᠠ ᠬᠣᠰᠢᠭᠤᠨ ** ᠪᠠᠯᠭᠠᠰᠤᠨ ** ᠭᠠᠴᠠᠭᠠᠨ ᠳᠤ ᠰᠠᠭᠤᠵᠤ ᠪᠤᠢ᠂ ᠶᠠᠯᠠᠯᠠᠭᠳᠠᠵᠤ ᠦᠩᠭᠡᠷᠡᠭᠰᠡᠨ ᠦᠭᠡᠢ ᠃ 2019 ᠣᠨ 6 ᠰᠠᠷ᠎ᠠ ᠵᠢᠨ 12 ᠡᠳᠦᠷ ᠠᠶᠤᠯᠲᠠᠢ ᠵᠢᠯᠤᠭᠤᠳᠤᠭᠰᠠᠨ ᠬᠡᠷᠡᠭᠰᠡᠵᠢᠭᠯᠡᠯ ᠢᠶᠡᠷ ᠠᠪᠠᠭ᠎ᠠ ᠬᠣᠰᠢᠭᠤᠨ ᠳᠣᠲᠤᠭᠠᠳᠤ ᠬᠠᠮᠠᠭᠠᠯᠠᠬᠤ ᠲᠤᠪᠴᠢᠶᠠᠨ ᠳᠤ ᠬᠠᠤᠯᠢ ᠶᠣᠰᠤᠭᠠᠷ ᠪᠠᠲᠤᠯᠠᠭ᠎ᠠ ᠠᠪᠴᠦ ᠰᠢᠭᠦᠯᠲᠡ ᠬᠦᠯᠢᠶᠡᠬᠦ ᠭᠠᠷ ᠭᠦᠢᠴᠡᠳᠭᠡᠯ ᠬᠢᠪᠡ᠃ 2019 ᠣᠨ 11 ᠰᠠᠷ᠎ᠠ ᠵᠢᠨ 28 ᠡᠳᠦᠷ ᠮᠠᠨ ᠬᠣᠷᠢᠶᠠᠨ ᠳᠤ ᠳᠠᠬᠢᠨᠲᠠ ᠪᠠᠲᠤᠯᠠᠭ᠎ᠠ ᠠᠪᠴᠤ ᠰᠢᠭᠦᠯᠲᠡ ᠶᠢ ᠭᠠᠷ ᠭᠦᠢᠴᠡᠳᠭᠡᠯ ᠬᠢᠪᠡ᠃
ᠲᠤᠰ ᠬᠡᠷᠡᠭ ᠢ ᠠᠪᠠᠭ᠎ᠠ ᠬᠣᠰᠢᠭᠤᠨ ᠳᠣᠲᠤᠭᠠᠳᠤ ᠬᠠᠮᠠᠭᠠᠯᠠᠬᠤ ᠪᠠᠶᠢᠴᠠᠭᠠᠵᠤ ᠳᠠᠭᠤᠰᠬᠠᠭᠠᠳ᠂ ᠵᠠᠭᠠᠯᠳᠤᠭᠳᠠᠭᠴᠢ ᠨᠠ ** ᠶᠢ ᠠᠶᠤᠯᠲᠠᠢ ᠵᠢᠯᠤᠭᠤᠳᠤᠭᠰᠠᠨ ᠶᠠᠯ᠎ᠠ ᠬᠢᠭᠰᠡᠨ ᠰᠡᠵᠢᠭᠯᠡᠯ ᠢᠶᠡᠷ ᠂ 2019 ᠣᠨ ᠤ 11 ᠰᠠᠷ᠎ᠠ ᠵᠢᠨ 28 ᠡᠳᠦᠷ ᠮᠠᠨ ᠬᠣᠷᠢᠶᠠᠨ ᠳᠤ ᠬᠢᠨᠠᠨ ᠵᠠᠭᠠᠯᠳᠤᠭᠤᠯᠬᠤ ᠪᠡᠷ ᠰᠢᠯᠵᠢᠭᠦᠯᠦᠨ ᠢᠷᠡᠭᠦᠯᠵᠡᠢ ᠃ ᠲᠤᠰ ᠬᠤᠷᠢᠶ᠎ᠠ ᠬᠡᠷᠡᠭ ᠢ ᠬᠦᠯᠢᠶᠡᠨ ᠠᠪᠤᠭᠰᠠᠨ ᠳᠠᠷᠠᠭ᠎ᠠ᠂ 2019 ᠣᠨ ᠤ 11 ᠰᠠᠷ᠎ᠠ ᠵᠢᠨ 28 ᠡᠲᠦᠷ ᠵᠠᠭᠠᠯᠳᠤᠭᠳᠠᠭᠴᠢ ᠳᠤ ᠦᠮᠦᠭᠯᠡᠭᠴᠢ ᠵᠠᠯᠠᠬᠤ ᠡᠷᠬᠡ ᠲᠠᠢ ᠪᠠ ᠶᠠᠯ᠎ᠠ ᠪᠠᠨ ᠮᠡᠳᠡᠷᠡᠵᠤ ᠰᠢᠳᠭᠡᠯ ᠬᠦᠯᠢᠶᠡᠬᠦ ᠵᠢᠨ ᠬᠠᠤᠯᠢ ᠵᠢᠨ ᠦᠷ᠎ᠡ ᠨᠦᠯᠦᠭᠡ ᠮᠡᠳᠡᠭᠳᠡᠨ ᠂ ᠬᠣᠣᠷᠯᠠᠭᠳᠠᠭᠴᠢ ᠳᠦ ᠵᠠᠷᠭᠤ ᠵᠢᠨ ᠣᠷᠤᠯᠠᠭᠴᠢ ᠨᠠᠶᠢᠳᠠᠬᠤ ᠡᠷᠬᠡ ᠲᠠᠢ ᠭᠡᠵᠤ ᠮᠡᠳᠡᠭᠳᠡᠪᠡ᠃ ᠵᠠᠭᠠᠯᠳᠤᠭᠳᠠᠭᠴᠢ ᠶᠢ ᠰᠢᠭᠦᠨ ᠠᠰᠠᠭᠤᠵᠤ᠂ ᠵᠠᠭᠠᠯᠳᠤᠭᠳᠠᠭᠴᠢ ᠪᠠ ᠵᠢᠵᠢᠭᠦᠷᠯᠡᠭᠴᠢ ᠬᠠᠤᠯᠢᠴᠢ ᠵᠢᠨ ᠰᠠᠨᠠᠯ ᠢ ᠰᠣᠨᠤᠰᠴᠤ᠂ ᠪᠦᠬᠦ ᠬᠡᠷᠡᠭ ᠦᠨ ᠮᠠᠲᠸᠷᠢᠶᠠᠯ ᠢ ᠬᠢᠨᠠᠨ ᠪᠠᠶᠢᠴᠠᠭᠠᠪᠠ ᠃ ᠵᠠᠭᠠᠯᠳᠤᠭᠳᠠᠭᠴᠢ ᠨᠠ ** ᠳᠦᠭᠦᠮ ᠵᠢᠷᠤᠮ ᠪᠠᠷ ᠰᠢᠭᠦᠬᠦ ᠵᠦᠪᠰᠢᠶᠡᠷᠡᠪᠡ᠃
ᠬᠠᠤᠯᠢ ᠶᠣᠰᠤᠭᠠᠷ ᠬᠢᠨᠠᠨ ᠪᠠᠶᠢᠴᠠᠭᠠᠵᠤ ᠲᠤᠳᠤᠯᠠᠭᠰᠠᠨ ᠨᠢ ᠄ 2019 ᠣᠨ 5 ᠰᠠᠷ᠎ᠠ ᠵᠢᠨ 27 ᠡᠲᠦᠷ 20 ᠴᠠᠭ 40 ᠮᠢᠨᠦ᠋ᠲᠦᠶᠡ ᠪᠡᠷ᠂ ᠵᠠᠭᠠᠯᠳᠤᠭᠳᠠᠭᠴᠢ ᠨᠠ ** ᠠᠷᠢᠬᠢᠨ ᠰᠣᠭᠲᠤᠭᠤ ᠪᠠᠷ ᠵᠢᠯᠣᠭᠣᠴᠢ ᠵᠢᠨ ᠦᠨᠡᠮᠯᠡᠯ ᠦᠭᠡᠢ ᠪᠡᠷ 蒙H**** ᠨᠣᠮᠸᠷᠲᠤ ᠵᠢᠯᠤᠭᠤᠳᠤᠨ ** ᠭᠠᠴᠠᠭ᠎ᠠ ᠡᠴᠡ ** ᠪᠠᠯᠭᠠᠰᠤ ᠬᠦᠷᠬᠦ ᠱᠦᠢᠨᠢ ᠵᠢᠨ ᠵᠠᠮ ᠳᠡᠭᠡᠷ᠎ᠡ ᠪᠠᠷᠠᠭᠤᠨ ᠠᠴᠠ ᠵᠡᠭᠦᠨᠰᠢ ᠶᠠᠪᠤᠵᠤ᠂ ᠪᠡᠯᠭᠦᠳᠡᠢ ᠪᠠᠯᠭᠠᠰᠤᠨ ᠠᠴᠠ 1KM ᠵᠠᠶᠢᠲᠠᠢ ᠬᠦᠷᠬᠦ ᠳᠦ ᠸᠠᠩ ** ᠵᠢᠨ ᠵᠢᠯᠣᠭᠤᠳᠤᠭᠰᠠᠨ蒙A****ᠨᠣᠮᠸᠷᠲᠤ ᠪᠠᠭ᠎ᠠ ᠠᠴᠢᠶᠠᠨ ᠲᠠᠢ ᠵᠦᠷᠢᠯᠳᠦᠬᠦ ᠦᠶᠡᠰ ᠥᠭᠡᠳᠡ ᠡᠴᠡ ᠪᠠᠨ ᠮᠦᠷᠭᠦᠵᠤ᠂ ᠸᠠᠩ **᠂ ᠯᠥᠸᠧ** ᠰᠢᠷᠬᠠᠳᠤᠨ᠂ ᠬᠣᠶᠠᠷ ᠲᠡᠷᠭᠡ ᠡᠪᠳᠡᠷᠡᠭᠰᠡᠨ ᠵᠠᠮ ᠬᠠᠷᠢᠯᠴᠠᠭᠠᠨ ᠡᠨᠳᠡᠭᠳᠡᠯ ᠭᠠᠷᠴᠦ᠂ ᠨᠠ ** ᠲᠤᠰ ᠬᠡᠷᠡᠭᠪᠦᠬᠦ ᠬᠠᠷᠢᠭᠤᠴᠠᠯᠭ᠎ᠠ ᠡᠭᠦᠷᠭᠡᠯᠡᠨ᠎ᠡ᠃ ᠨᠠ ** ᠵᠢᠨ ᠬᠡᠮᠵᠢᠶ᠎ᠡ 191.46 mg/100 ml ᠪᠠᠶᠢᠵᠤ᠂ ᠠᠷᠢᠬᠢᠨ ᠳᠤ ᠰᠣᠭᠲᠤᠭᠰᠠᠨ ᠳᠤ ᠲᠣᠭᠠᠴᠢᠭᠳᠠᠨ᠎ᠠ᠃
ᠳᠡᠭᠡᠷᠡᠬᠢ ᠪᠤᠳᠠᠳᠤ ᠶᠠᠪᠤᠳᠠᠯ ᠢ ᠨᠣᠲᠠᠯᠠᠬᠤ ᠭᠡᠷᠡᠴᠢ ᠪᠠᠷᠢᠮᠳᠠ᠄ ᠬᠡᠷᠡᠭ ᠬᠦᠯᠢᠶᠡᠨ ᠠᠪᠤᠭᠰᠠᠨ ᠳᠠᠩᠰᠠᠯᠠᠯ᠂ ᠵᠠᠭᠠᠯᠳᠤᠭᠳᠠᠭᠴᠢ ᠵᠢᠨ ᠪᠠᠷᠢᠭᠳᠠᠭᠰᠠᠨ ᠦᠩᠭᠡᠷᠡᠯᠲᠡ᠂ ᠡᠷᠦᠬᠡ ᠠᠮᠠ ᠵᠢᠨ ᠭᠡᠷᠡᠴᠢ᠂ ᠬᠡᠮᠵᠢᠶᠡᠨ ᠦ ᠭᠡᠷᠡᠴᠢ ᠪᠠ ᠰᠢᠳᠭᠡᠯ ᠢᠶᠡᠷ ᠰᠢᠳᠭᠡᠬᠦ ᠲᠤᠭᠲᠠᠭᠠᠯᠪᠢᠴᠢᠭ ᠵᠡᠷᠭᠡ ᠪᠢᠴᠢᠭᠭᠡᠷᠡᠴᠢ︔ ᠬᠣᠣᠷᠯᠠᠭᠳᠠᠭᠴᠢ ᠸᠠᠩ ** ᠪᠠ ᠯᠥᠸᠧ ** ᠵᠢᠨ ᠲᠣᠭᠠᠴᠢᠯᠲᠠ︔ ᠭᠡᠷᠡᠴᠢᠯᠡᠭᠴᠢ ᠭᠡ ** ᠂ ᠤ ** ᠵᠡᠷᠭᠡ ᠬᠦᠮᠦᠰᠭᠡᠷᠡᠴᠢ ᠦᠭᠡ︔ ᠵᠠᠮ ᠬᠠᠷᠢᠯᠴᠠᠭᠠᠨ ᠭᠡᠨᠡᠳᠡᠯ ᠢ ᠮᠠᠭᠠᠳᠯᠠᠨ ᠲᠤᠭᠲᠠᠭᠠᠭᠰᠠᠨ ᠪᠢᠴᠢᠭ᠂ ᠪᠢᠴᠢᠭ᠂ ᠰᠡᠭᠦᠳᠡᠷ ᠪᠠᠵᠢᠨ᠎ᠠ᠃
ᠳᠡᠭᠡᠷᠡᠬᠢ ᠭᠡᠷᠡᠴᠢ ᠪᠠᠷᠢᠮᠳᠠ ᠴᠤᠭᠯᠠᠭᠤᠯᠤᠭᠰᠠᠨ ᠵᠢᠷᠤᠮ ᠨᠢ ᠬᠠᠤᠯᠢ ᠵᠢᠨ ᠲᠤᠭᠲᠠᠭᠠᠯ ᠳᠤ ᠨᠡᠶᠢᠴᠡᠵᠤ᠂ ᠠᠭᠤᠯᠭ᠎ᠠ ᠨᠢ ᠪᠣᠰᠤᠳᠴᠢ ᠦᠨᠡᠨ ᠪᠣᠳᠠᠲᠠᠢ᠂ ᠵᠠᠭᠠᠯᠳᠤᠭᠰᠠᠨ ᠶᠠᠯᠠᠲᠤ ᠬᠡᠷᠡᠭ ᠢ ᠭᠡᠷᠡᠴᠢᠯᠡᠵᠤ ᠳᠡᠶᠢᠯᠦᠨ᠎ᠡ᠃ ᠵᠠᠭᠠᠯᠳᠤᠭᠳᠠᠭᠴᠢ ᠨᠠ ** ᠵᠠᠭᠠᠯᠳᠤᠭᠰᠠᠨ ᠶᠠᠯᠠᠲᠤ ᠬᠡᠷᠡᠭ ᠪᠠ ᠭᠡᠷᠡᠴᠢ ᠪᠠᠷᠢᠮᠳᠠ ᠳᠤ ᠰᠠᠨᠠᠯ ᠦᠭᠡᠢ᠂ ᠰᠠᠵᠢᠨ ᠳᠤᠷ᠎ᠠ ᠠᠴᠠ ᠪᠠᠨ ᠶᠠᠯ᠎ᠠ ᠪᠠᠨ ᠮᠡᠳᠡᠷᠡᠵᠤ᠂ ᠰᠢᠳᠭᠡᠯ ᠬᠦᠯᠢᠶᠡᠨ᠎ᠡ᠃
ᠨᠠ ** ᠬᠠᠶᠢᠬᠤᠷᠬᠤ ᠦᠭᠡᠢ ᠰᠣᠭᠲᠤᠭᠤ ᠪᠠᠷ ︽ ︾ ︽ ︾ ᠵᠢᠷᠭᠤᠳᠤᠭᠠᠷ ᠨᠢᠭᠡᠳᠦᠭᠡᠷ ᠵᠣᠷᠪᠤᠰ
ᠡᠭᠦᠨ ᠦ ᠲᠤᠯᠠ
ᠠᠪᠠᠭ᠎ᠠ ᠬᠣᠰᠢᠭᠤᠨ ᠠᠷᠠᠳᠰᠢᠬᠦᠬᠦ ᠬᠣᠷᠢᠶᠠᠨ ᠳᠤ
ᠪᠠᠶᠢᠴᠠᠭᠠᠭᠴᠢ ᠄ ᠾᠦᠸ᠋ᠸ ᠲᠠᠨ᠎ᠠ
2019 ᠤᠨ 12 ᠰᠠᠷ᠎ᠠ ᠵᠢᠨ 12 ᠡᠳᠦᠷ
ᠲᠠᠭᠠᠯᠳᠤᠭᠤᠯᠤᠯ ᠄
1. ᠵᠠᠭᠠᠯᠳᠤᠭᠳᠠᠭᠴᠢ ᠨᠠ ** ᠠᠪᠠᠭ᠎ᠠ ᠬᠣᠰᠢᠭᠤᠨ ** ᠪᠠᠯᠭᠠᠰᠤᠨ ** ᠭᠠᠴᠠᠭᠠᠨ ᠭᠡᠷ ᠲᠦ ᠪᠡᠨ ᠪᠠᠲᠤᠯᠠᠭ᠎ᠠ ᠠᠪᠴᠦ ᠰᠢᠭᠦᠯᠲᠡ ᠬᠦᠯᠢᠶᠡᠵᠤ ᠪᠠᠵᠢᠨ᠎ᠠ᠃
2. ᠬᠡᠷᠡᠭᠡᠪᠬᠡᠮᠡᠯ ᠬᠣᠶᠠᠷ ᠪᠣᠳᠢ᠃
3. ᠶᠠᠯ᠎ᠠ ᠪᠠᠨ ᠮᠡᠳᠡᠷᠡᠨ ᠰᠢᠳᠭᠡᠯ ᠬᠦᠯᠢᠶᠡᠵᠤ ᠭᠡᠮᠰᠢᠨ ᠤᠬᠠᠭᠠᠷᠠᠬᠤ ᠪᠠᠲᠤᠯᠠᠭ᠎ᠠ ᠵᠢᠨ ᠪᠢᠴᠢᠭ ᠨᠢᠭᠡ ᠬᠤᠪᠢ᠃