ᠠᠪᠠᠭ᠎ᠠ ᠬᠣᠰᠢᠭᠤᠨ ᠠᠷᠠᠳᠪᠠᠶᠢᠴᠠᠭᠠᠬᠤ ᠬᠣᠷᠢᠶᠠᠨ ᠵᠠᠭᠠᠯᠳᠤᠬᠤ ᠪᠢᠴᠢᠭ
ᠠᠪᠠᠭ᠎ᠠ ᠪᠠᠶᠢᠴᠠᠭᠠᠬᠤ ᠨᠢᠭᠡᠳᠦᠭᠡᠷ ᠬᠡᠯᠲᠡᠰ ᠡᠷᠡᠭᠦᠦ ᠵᠠᠭᠠᠯᠳᠤᠬᠤ〔2020〕5 ᠳ᠋ᠤᠭᠠᠷ ᠲᠣᠭᠠᠲᠤ
ᠰᠠ** 1983 ** ** 1525221983******** ᠡᠷᠦᠬᠡ ᠠᠮᠠ ᠪᠠᠶᠢᠭ᠎ᠠ ᠭᠠᠵᠠᠷ᠄ ᠦᠪᠦᠷ ᠮᠤᠩᠭᠤᠯ ᠤᠨ ᠬᠣᠰᠢᠭᠤ᠂ ** ** 2015 10 ᠰᠠᠷ᠎ᠠ ᠵᠢᠨ 28 ᠡᠳᠦᠷ ᠳᠤ ᠨᠢᠭᠡ ᠦᠨ ᠡᠷᠡᠭᠦᠦ ᠶᠠᠯᠠᠯᠠᠭᠳᠠᠪᠠ ᠃ 2019 ᠣᠨ 7 ᠰᠠᠷ᠎ᠠ ᠵᠢᠨ 5 ᠡᠲᠦᠷ ᠠᠪᠠᠭ᠎ᠠ ᠬᠣᠰᠢᠭᠤᠨ ᠳᠣᠲᠤᠭᠠᠳᠤ ᠬᠠᠮᠠᠭᠠᠯᠠᠬᠤ ᠲᠣᠪᠴᠢᠶᠠᠨ ᠳᠤ ᠵᠠᠰᠠᠭ ᠵᠠᠬᠢᠷᠭᠠᠨ ᠬᠣᠷᠢᠯᠲᠠ ᠪᠠᠷ ᠬᠣᠷᠢᠭᠳᠠᠵᠤ᠂ 2019 ᠣᠨ 7ᠰᠠᠷ᠎ᠠ ᠵᠢᠨ 19 ᠡᠳᠦᠷ ᠠᠶᠤᠯᠲᠠᠢ ᠵᠢᠯᠤᠭᠤᠳᠤᠭᠰᠠᠨ ᠬᠡᠷᠡᠭᠰᠡᠵᠢᠭᠯᠡᠯ ᠢᠶᠡᠷ ᠠᠪᠠᠭ᠎ᠠ ᠬᠣᠰᠢᠭᠤᠨ ᠳᠣᠲᠤᠭᠠᠳᠤ ᠬᠠᠮᠠᠭᠠᠯᠠᠬᠤ ᠲᠤᠪᠴᠢᠶᠠᠨ ᠳᠤ ᠬᠠᠤᠯᠢ ᠶᠣᠰᠤᠭᠠᠷ ᠪᠠᠲᠤᠯᠠᠭ᠎ᠠ ᠠᠪᠴᠦ ᠰᠢᠭᠦᠯᠲᠡ ᠶᠢ ᠬᠦᠯᠢᠶᠡᠵᠤ ᠂ 2020 ᠣᠨ 5ᠰᠠᠷ᠎ᠠ ᠵᠢᠨ 6 ᠤ ᠡᠳᠦᠷ ᠠᠪᠠᠭ᠎ᠠ ᠬᠣᠰᠢᠭᠤᠨ ᠳᠣᠲᠤᠭᠠᠳᠤ ᠬᠠᠮᠠᠭᠠᠯᠠᠬᠤ ᠲᠤᠪᠴᠢᠶᠠᠨ ᠳᠤ ᠡᠷᠡᠭᠦᠦ ᠵᠢᠨ ᠲᠦᠷ ᠬᠣᠷᠢᠯᠲᠠ ᠪᠠᠷ ᠬᠣᠷᠢᠭᠳᠠᠪᠠ᠃
ᠲᠤᠰ ᠬᠡᠷᠡᠭ ᠢ ᠠᠪᠠᠭ᠎ᠠ ᠬᠣᠰᠢᠭᠤᠨ ᠳᠣᠲᠤᠭᠠᠳᠤ ᠬᠠᠮᠠᠭᠠᠯᠠᠬᠤ ᠪᠠᠶᠢᠴᠠᠭᠠᠵᠤ ᠳᠠᠭᠤᠰᠬᠠᠭᠠᠳ᠂ ᠵᠠᠭᠠᠯᠳᠤᠭᠳᠠᠭᠴᠢ ᠰᠠ ** ᠶᠢ ᠠᠶᠤᠯᠲᠠᠢ ᠵᠢᠯᠤᠭᠤᠳᠤᠭᠰᠠᠨ ᠶᠠᠯ᠎ᠠ ᠵᠢᠨ ᠰᠡᠵᠢᠭᠯᠡᠯ ᠢᠶᠡᠷ ᠂ 2020 ᠣᠨ ᠤ 5 ᠰᠠᠷ᠎ᠠ ᠵᠢᠨ 8 ᠡᠲᠦᠷ ᠮᠠᠨ ᠬᠣᠷᠢᠶᠠᠨ ᠳᠤ ᠬᠢᠨᠠᠨ ᠵᠠᠭᠠᠯᠳᠤᠭᠤᠯᠬᠤ ᠪᠡᠷ ᠰᠢᠯᠵᠢᠭᠦᠯᠦᠨ ᠢᠷᠡᠭᠦᠯᠵᠡᠢ ᠃ ᠲᠤᠰ ᠬᠤᠷᠢᠶ᠎ᠠ ᠬᠡᠷᠡᠭ ᠢ ᠬᠦᠯᠢᠶᠡᠨ ᠠᠪᠤᠭᠰᠠᠨ ᠳᠠᠷᠠᠭ᠎ᠠ᠂ 5ᠰᠠᠷ᠎ᠠ ᠵᠢᠨ 8 ᠡᠲᠦᠷ ᠵᠠᠭᠠᠯᠳᠤᠭᠳᠠᠭᠴᠢ ᠳᠤ ᠦᠮᠦᠭᠯᠡᠭᠴᠢ ᠵᠠᠯᠠᠬᠤ ᠡᠷᠬᠡ ᠲᠠᠢ ᠭᠡᠵᠤ ᠮᠡᠳᠡᠭᠳᠡᠬᠦ ᠵᠢᠨ ᠬᠠᠮᠲᠤ ᠬᠣᠣᠷᠯᠠᠭᠳᠠᠭᠴᠢ ᠳᠦ ᠵᠠᠷᠭᠤ ᠵᠢᠨ ᠣᠷᠤᠯᠠᠭᠴᠢ ᠨᠠᠶᠢᠳᠠᠬᠤ ᠡᠷᠬᠡ ᠲᠠᠢ ᠭᠡᠵᠤ ᠮᠡᠳᠡᠭᠳᠡᠪᠡ᠃ ᠵᠠᠭᠠᠯᠳᠤᠭᠳᠠᠭᠴᠢ ᠶᠢ ᠰᠢᠭᠦᠨ ᠠᠰᠠᠭᠤᠵᠤ ᠂ ᠶᠠᠯ᠎ᠠ ᠪᠠᠨ ᠮᠡᠳᠡᠷᠡᠵᠤ ᠰᠢᠳᠭᠡᠯ ᠢ ᠬᠦᠯᠢᠶᠡᠬᠦ ᠵᠢᠨ ᠬᠠᠤᠯᠢ ᠵᠢᠨ ᠦᠷ᠎ᠡ ᠨᠦᠯᠦᠭᠡ ᠮᠡᠳᠡᠭᠳᠡᠨ᠂ ᠵᠠᠭᠠᠯᠳᠤᠭᠳᠠᠭᠴᠢ ᠪᠠ ᠵᠢᠵᠢᠭᠦᠷᠯᠡᠭᠴᠢ ᠬᠠᠤᠯᠢᠴᠢ ᠵᠢᠨ ᠰᠠᠨᠠᠯ ᠢ ᠰᠣᠨᠤᠰᠴᠤ᠂ ᠪᠦᠬᠦ ᠬᠡᠷᠡᠭ ᠦᠨ ᠮᠠᠲᠸᠷᠢᠶᠠᠯ ᠢ ᠬᠢᠨᠠᠨ ᠪᠠᠶᠢᠴᠠᠭᠠᠪᠠ ᠃ ᠵᠠᠭᠠᠯᠳᠤᠭᠳᠠᠭᠴᠢ ᠰᠠ** ᠲᠦᠷᠭᠡᠨ ᠵᠢᠷᠤᠮ ᠢ ᠬᠡᠷᠡᠭᠯᠡᠵᠤ ᠰᠢᠭᠦᠨ ᠲᠠᠰᠤᠯᠬᠤ ᠵᠦᠪᠰᠢᠶᠡᠷᠡᠪᠡ᠃
ᠬᠠᠤᠯᠢ ᠶᠣᠰᠤᠭᠠᠷ ᠬᠢᠨᠠᠨ ᠪᠠᠶᠢᠴᠠᠭᠠᠵᠤ ᠲᠤᠳᠤᠯᠠᠭᠰᠠᠨ ᠨᠢ ᠄ 2019 ᠣᠨ 7ᠰᠠᠶᠢᠵᠢᠷᠠᠬᠤᠷᠠ ᠵᠢᠨ 2 ᠡᠲᠦᠷ 17 ᠴᠠᠭ 20 ᠮᠢᠨᠦ᠋ᠲ ᠤᠨ ᠦᠶ᠎ᠡ ᠪᠡᠷ᠂ ** ᠫᠠᠶᠢᠰᠠ ᠦᠭᠡᠢ ᠬᠦᠷᠲᠤᠲᠤ ᠤᠨᠤᠵᠤ ** ᠪᠠᠯᠭᠠᠰᠤᠨ ᠬᠠᠮᠪᠤ ᠬᠤᠳᠠᠯᠳᠤᠭ᠎ᠠ ᠵᠢᠨ ᠭᠠᠵᠠᠷ ᠪᠠᠷᠠᠭᠤᠨ ᠠᠴᠠ ᠵᠡᠭᠦᠨᠰᠢ ᠶᠠᠪᠤᠭᠠᠳ ᠨᠠᠨ ᠹᠠᠩ ᠬᠣᠪᠴᠠᠰᠤᠨ ᠳᠡᠯᠭᠡᠭᠦᠷᠡᠮᠦᠨᠡ ᠡᠰᠡᠷᠭᠦ ᠲᠠᠯ᠎ᠠ ᠠᠴᠠ ᠢᠷᠡᠭᠰᠡᠨ ᠸᠠᠩ** ᠵᠢᠨ ᠤᠨᠤᠭᠰᠠᠨ ᠬᠣᠶᠠᠷ ᠬᠦᠷᠲᠤᠳᠤ ᠴᠠᠬᠢᠯᠭᠠᠨ ᠮᠣᠲ᠋ᠤᠷ ᠲᠠᠢ ᠮᠦᠷᠭᠦᠯᠳᠤᠵᠤ᠂ ᠳᠠᠬᠢᠨ ᠵᠠᠮᠬᠠᠵᠠᠭᠤ ᠳᠤ ᠵᠣᠭᠰᠤᠵᠣ ᠪᠠᠶᠢᠭᠰᠠᠨ蒙H50807 ᠨᠣᠮᠸᠷᠲᠤ ᠮᠦᠷᠭᠦᠭᠰᠡᠨ ᠵᠠᠮ ᠬᠠᠷᠢᠯᠴᠠᠭᠠᠨ ᠤ ᠭᠡᠨᠡᠳᠡᠯ ᠡᠭᠦᠰᠴᠦ᠂ ᠵᠠᠭᠠᠯᠳᠤᠭᠳᠠᠭᠴᠢ ᠰᠠ ** ᠪᠠ ᠸᠠᠩ ** ᠲᠤᠰ ᠭᠡᠨᠡᠳᠡᠯ ᠦᠨ ᠬᠡᠷᠡᠭ ᠲᠤ ᠠᠳᠠᠯᠢ ᠬᠡᠮᠵᠢᠶᠡᠨ ᠦ ᠬᠠᠷᠢᠭᠤᠴᠠᠯᠭ᠎ᠠ ᠡᠭᠦᠷᠭᠡᠯᠡᠨ᠎ᠡ᠃ ᠰᠠ ** ᠵᠢᠨ ᠬᠡᠮᠵᠢᠶ᠎ᠡ 161.52 mg/100 ml ᠪᠠᠶᠢᠵᠤ᠂ ᠠᠷᠢᠬᠢᠨ ᠳᠤ ᠰᠣᠭᠲᠤᠭᠰᠠᠨ ᠳᠤ ᠲᠣᠭᠠᠴᠢᠭᠳᠠᠨ᠎ᠠ᠃
ᠳᠡᠭᠡᠷᠡᠬᠢ ᠪᠤᠳᠠᠳᠤ ᠶᠠᠪᠤᠳᠠᠯ ᠢ ᠨᠣᠲᠠᠯᠠᠬᠤ ᠭᠡᠷᠡᠴᠢ ᠪᠠᠷᠢᠮᠳᠠ᠄ ᠬᠡᠷᠡᠭ ᠬᠦᠯᠢᠶᠡᠨ ᠠᠪᠤᠭᠰᠠᠨ ᠳᠠᠩᠰᠠᠯᠠᠯ᠂ ᠵᠠᠭᠠᠯᠳᠤᠭᠳᠠᠭᠴᠢ ᠵᠢᠨ ᠪᠠᠷᠢᠭᠳᠠᠭᠰᠠᠨ ᠦᠩᠭᠡᠷᠡᠯᠲᠡ᠂ ᠡᠷᠦᠬᠡ ᠠᠮᠠ ᠵᠢᠨ ᠭᠡᠷᠡᠴᠢ᠂ ᠬᠡᠮᠵᠢᠶᠡᠨ ᠦ ᠭᠡᠷᠡᠴᠢ ᠪᠠ ᠰᠢᠳᠭᠡᠯ ᠢᠶᠡᠷ ᠰᠢᠳᠭᠡᠬᠦ ᠲᠤᠭᠲᠠᠭᠠᠯᠪᠢᠴᠢᠭ ᠵᠡᠷᠭᠡ ᠪᠢᠴᠢᠭᠭᠡᠷᠡᠴᠢ︔ ᠬᠣᠣᠷᠯᠠᠭᠳᠠᠭᠴᠢ ᠸᠠᠩ **1ᠪᠠ ᠯᠢᠶᠠᠩ** ᠤ ᠲᠣᠭᠠᠴᠢᠯᠲᠠ︔ ᠵᠠᠮ ᠬᠠᠷᠢᠯᠴᠠᠭᠠᠨ ᠭᠡᠨᠡᠳᠡᠯ ᠢ ᠮᠠᠭᠠᠳᠯᠠᠨ ᠲᠤᠭᠲᠠᠭᠠᠭᠰᠠᠨ ᠪᠢᠴᠢᠭ᠂ ᠪᠢᠴᠢᠭ᠂ ᠰᠡᠭᠦᠳᠡᠷ ᠪᠠᠵᠢᠨ᠎ᠠ᠃
ᠳᠡᠭᠡᠷᠡᠬᠢ ᠭᠡᠷᠡᠴᠢ ᠪᠠᠷᠢᠮᠳᠠ ᠴᠤᠭᠯᠠᠭᠤᠯᠤᠭᠰᠠᠨ ᠵᠢᠷᠤᠮ ᠨᠢ ᠬᠠᠤᠯᠢ ᠵᠢᠨ ᠲᠤᠭᠲᠠᠭᠠᠯ ᠳᠤ ᠨᠡᠶᠢᠴᠡᠵᠤ᠂ ᠠᠭᠤᠯᠭ᠎ᠠ ᠨᠢ ᠪᠣᠰᠤᠳᠴᠢ ᠦᠨᠡᠨ ᠪᠣᠳᠠᠲᠠᠢ᠂ ᠵᠠᠭᠠᠯᠳᠤᠭᠰᠠᠨ ᠶᠠᠯᠠᠲᠤ ᠬᠡᠷᠡᠭ ᠢ ᠭᠡᠷᠡᠴᠢᠯᠡᠵᠤ ᠳᠡᠶᠢᠯᠦᠨ᠎ᠡ᠃ ᠵᠠᠭᠠᠯᠳᠤᠭᠳᠠᠭᠴᠢ ᠰᠠ ** ᠵᠠᠭᠠᠯᠳᠤᠭᠰᠠᠨ ᠶᠠᠯᠠᠲᠤ ᠬᠡᠷᠡᠭ ᠪᠠ ᠭᠡᠷᠡᠴᠢ ᠪᠠᠷᠢᠮᠳᠠ ᠳᠤ ᠰᠠᠨᠠᠯ ᠦᠭᠡᠢ᠂ ᠰᠠᠵᠢᠨ ᠳᠤᠷ᠎ᠠ ᠠᠴᠠ ᠪᠠᠨ ᠶᠠᠯ᠎ᠠ ᠪᠠᠨ ᠮᠡᠳᠡᠷᠡᠵᠤ᠂ ᠰᠢᠳᠭᠡᠯ ᠢ ᠬᠦᠯᠢᠶᠡᠨ᠎ᠡ᠃
ᠰᠠ** ᠬᠠᠶᠢᠬᠤᠷᠬᠤ ᠦᠭᠡᠢ ᠰᠣᠭᠲᠤᠭᠤ ᠪᠠᠷ ︽ ︾ ︽ ︾ ᠵᠢᠷᠭᠤᠳᠤᠭᠠᠷ ᠨᠢᠭᠡᠳᠦᠭᠡᠷ ᠵᠣᠷᠪᠤᠰ
ᠡᠭᠦᠨ ᠦ ᠲᠤᠯᠠ
ᠠᠪᠠᠭ᠎ᠠ ᠬᠣᠰᠢᠭᠤᠨ ᠠᠷᠠᠳᠰᠢᠬᠦᠬᠦ ᠬᠣᠷᠢᠶᠠᠨ ᠳᠤ
ᠪᠠᠶᠢᠴᠠᠭᠠᠭᠴᠢ ᠄ ᠾᠦᠸ᠋ᠸ ᠲᠠᠨ᠎ᠠ
2020 ᠤᠨ 5 ᠰᠠᠷ᠎ᠠ ᠵᠢᠨ 9 ᠡᠳᠦᠷ
ᠲᠠᠭᠠᠯᠳᠤᠭᠤᠯᠤᠯ ᠄
1. ᠵᠠᠭᠠᠯᠳᠤᠭᠳᠠᠭᠴᠢ ᠰᠠ ** ᠣᠳᠤ ᠠᠪᠠᠭ᠎ᠠ ᠬᠣᠰᠢᠭᠤᠨ ᠰᠠᠬᠢᠨ ᠬᠠᠷᠠᠬᠤ ᠭᠠᠵᠠᠷ ᠳᠠᠷᠤᠭᠳᠠᠵᠤ ᠪᠣᠢ᠃
2. ᠬᠡᠷᠡᠭᠡᠪᠬᠡᠮᠡᠯ ᠬᠣᠶᠠᠷ ᠪᠣᠳᠢ᠃
3. ᠶᠠᠯ᠎ᠠ ᠪᠠᠨ ᠮᠡᠳᠡᠷᠡᠨ ᠰᠢᠳᠭᠡᠯ ᠢ ᠬᠦᠯᠢᠶᠡᠵᠤ ᠭᠡᠮᠰᠢᠨ ᠤᠬᠠᠭᠠᠷᠠᠬᠤ ᠪᠠᠲᠤᠯᠠᠭ᠎ᠠ ᠵᠢᠨ ᠪᠢᠴᠢᠭ ᠨᠢᠭᠡ ᠬᠤᠪᠢ᠃