ᠥᠪᠥᠷ ᠮᠣᠩᠭᠣᠯ  内蒙古

ᠡᠷᠡᠭᠦᠦ ᠵᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠠᠳ ᠳᠡᠮᠡᠶ ᠣᠳᠠᠯ ᠦᠭᠡᠢ᠂ ᠬᠤᠳᠠᠯ ᠬᠡᠯᠡᠵᠦ ᠬᠠᠭᠤᠷᠤᠨ ᠮᠡᠬᠡᠯᠡᠵᠦ ᠂ ᠲᠡᠷᠡ ᠪᠠᠰᠠ ᠭᠢᠨᠳᠠᠨ ᠳᠤ ᠣᠷᠣᠵᠠᠢ ᠁

2020-11-18 09:04:12

ᠵᠠᠭᠠᠯᠳᠤᠭᠳᠠᠭᠴᠢ ᠸᠠᠩ ᠣᠪᠣᠭᠲᠤ ᠭᠡᠷ᠎ᠡ ᠪᠡᠷ ᠮᠡᠬᠡᠯᠡᠭᠰᠡᠨ ᠶᠠᠯ᠎ᠠ ᠪᠠᠷ ᠭᠤᠷᠪᠠᠨ ᠵᠢᠯ ᠬᠤᠭᠤᠴᠠᠭ᠎ᠠ  ᠲᠠᠶ ᠬᠣᠷᠢᠬᠤ ᠪᠠᠷ ᠰᠢᠶᠳᠬᠡᠭᠳᠡᠵᠦ ᠂ ᠲᠦᠩᠯᠢᠶᠣᠤ ᠬᠤᠳᠠ ᠵᠢᠨ ᠭᠢᠨᠳᠠᠨ ᠳᠤ ᠡᠷᠡᠭᠦᠦ ᠰᠢᠳᠬᠡᠯ ᠭᠦᠢᠴᠡᠳᠬᠡᠵᠦ ᠪᠠᠶᠢᠬᠤ ᠬᠤᠭᠤᠴᠠᠭᠠᠨ ᠳᠤ ᠰᠦᠨ ᠣᠪᠣᠭᠲᠤ ᠲᠠᠶ ᠲᠠᠨᠢᠯᠴᠠᠵᠤ᠂  ᠬᠣᠶᠠᠭᠣᠯᠡ ᠡᠩᠣᠶᠢᠶ᠎ᠠ ᠳᠤ ᠵᠣᠭᠣᠭᠳᠠᠬᠤ ᠶᠠᠪᠤᠴᠠ ᠳᠠᠭᠠᠨ ᠰᠦᠨ ᠣᠪᠣᠭᠲᠤ   ᠵᠢᠨ ᠭᠡᠷᠪᠠᠶᠢᠳᠠᠯ ᠢ ᠣᠶᠢᠯᠠᠭᠠᠪᠠ᠃ 2020 ᠣᠨ  4 ᠰᠠᠷ᠎ᠠ ᠵᠢᠨ 14   ᠡᠲᠦᠷ ᠂ ᠵᠠᠭᠠᠯᠳᠤᠭᠳᠠᠭᠴᠢ ᠸᠠᠩ ᠣᠪᠣᠭᠲᠤ ᠡᠷᠡᠭᠦᠦ ᠵᠢᠨ ᠬᠤᠭᠤᠴᠠᠭ᠎ᠠ ᠳᠦᠭᠦᠷᠴᠦ ᠰᠤᠯᠠᠯᠠᠭᠳᠠᠪᠠ ᠂ 2020 ᠣᠨ  4 ᠰᠠᠷ᠎ᠠ ᠵᠢᠨ 15  ᠡᠳᠦᠷ ᠡᠴᠡ 2020 ᠣᠨ  5 ᠰᠠᠷ᠎ᠠ ᠵᠢᠨ 3  ᠡᠳᠦᠷ ᠪᠣᠯᠲᠠᠯ᠎ᠠ᠂ ᠵᠠᠭᠠᠯᠳᠤᠭᠳᠠᠭᠴᠢ ᠸᠠᠩ ᠣᠪᠣᠭᠲᠤ ᠲᠦᠩᠯᠢᠶᠣᠤ ᠬᠣᠲᠠ ᠵᠢᠨ ᠭᠢᠨᠳᠠᠨ  ᠵᠠᠬᠢᠷᠤᠨ ᠰᠤᠷᠭᠠᠭᠴᠢ  ᠢᠶᠠᠷ ᠣᠪᠯᠠᠨ ᠂ ᠬᠤᠳᠠᠯ ᠬᠡᠯᠡᠵᠦ ᠬᠠᠭᠤᠷᠤᠨ ᠮᠡᠬᠡᠯᠡᠵᠦ ᠂ ᠰᠦᠨ ᠣᠪᠣᠭᠲᠤ ᠵᠢᠨ ᠭᠡᠷᠬᠥᠮᠦᠰ ᠲᠡᠶ ᠰᠠᠨᠠᠭᠠᠴᠢᠯᠠᠭ᠎ᠠ ᠠᠴᠠ ᠪᠠᠨ ᠬᠠᠷᠢᠯᠴᠠᠵᠤ ᠂ ᠰᠦᠨ ᠣᠪᠣᠭᠲᠤ ᠵᠢᠨ ᠭᠢᠨᠳᠠᠨ ᠳᠤ ᠠᠮᠢᠳᠤᠷᠠᠯᠵᠠᠷᠤᠳᠠᠯ ᠬᠡᠷᠡᠭᠰᠡᠬᠦ᠂ ᠭᠢᠨᠳᠠᠨ ᠳᠤ ᠪᠤᠰᠤᠳ ᠬᠥᠮᠦᠨ ᠲᠡᠶ ᠵᠣᠳᠣᠯᠳᠤᠬᠤ ᠳᠤ ᠵᠣᠭᠣᠰ ᠬᠡᠷᠡᠭᠰᠡᠵᠦ᠂ ᠵᠠᠬᠢᠷᠤᠨ ᠰᠤᠷᠭᠠᠬᠤ ᠠᠵᠢᠯᠳᠠᠨ ᠳᠤ ᠪᠡᠯᠡᠭ ᠬᠦᠷᠭᠡᠬᠦ ᠵᠡᠷᠭᠡ ᠤᠴᠢᠷ ᠰᠢᠯᠲᠠᠭᠠᠨ ᠢᠶᠠᠷ᠂ ᠰᠦᠨ ᠣᠪᠣᠭᠲᠤ ᠵᠢᠨ ᠭᠡᠷᠬᠥᠮᠦᠰ   ᠨᠡᠢᠢᠳᠡ 21800 ᠲᠥᠭᠥᠷᠢᠭ ᠪᠠ ᠲᠠᠮᠠᠬᠢ᠂ ᠢᠳᠡᠭᠡᠨ ᠦ ᠲᠤᠰᠤ᠂ ᠭᠤᠯᠢᠷ ᠵᠡᠷᠭᠡ ᠡᠳ᠋ ᠪᠣᠳᠠᠰ ᠢ ᠤᠯᠠᠨ ᠤᠳᠠᠭ᠎ᠠ ᠮᠡᠬᠡᠯᠡᠨ ᠠᠪᠤᠭᠰᠠᠨ ᠪᠠᠵᠢᠨ᠎ᠠ᠃ ᠲᠦᠩᠯᠢᠶᠣᠤ ᠬᠣᠲᠠ ᠵᠢᠨ ᠦᠨ᠎ᠡ ᠬᠠᠩᠰᠢ  ᠭᠡᠷᠡᠴᠢᠯᠡᠬᠦ ᠲᠥᠪᠦᠨ᠎ᠡ ᠬᠠᠩᠰᠢ  ᠮᠠᠭᠠᠳᠯᠠᠨ ᠲᠣᠭᠲᠠᠭᠠᠭᠰᠠᠨ ᠦᠷ᠎ᠡ ᠳ᠋ᠦᠩ ᠨᠢ ᠬᠡᠷᠡᠭ ᠲᠦ ᠬᠣᠯᠪᠣᠭᠳᠠᠭᠰᠠᠨ ᠡᠳ᠋ ᠪᠣᠳᠠᠰᠦᠨ᠎ᠡ ᠨᠢ ᠠᠷᠠᠳᠵᠣᠭᠣᠰ ᠢᠶᠠᠷ 1080 ᠲᠥᠭᠥᠷᠢᠭ ᠪᠣᠯᠤᠨ᠎ᠠ ᠃

ᠬᠣᠷᠴᠢᠨ ᠲᠣᠭᠣᠷᠢᠭᠠᠷᠠᠳᠪᠠᠶᠢᠴᠠᠭᠠᠬᠤ ᠬᠣᠷᠢᠶ᠎ᠠ ᠬᠢᠨᠠᠨ ᠪᠠᠢᠴᠠᠭᠠᠭᠰᠠᠨ ᠄

ᠵᠠᠭᠠᠯᠳᠤᠭᠳᠠᠭᠴᠢ ᠸᠠᠩ ᠣᠪᠣᠭᠲᠤ ᠠᠷᠠᠳᠴᠠᠭᠳᠠᠭ᠎ᠠ ᠪᠠᠷ ᠣᠪᠯᠠᠵᠤ ᠬᠤᠳᠠᠯ ᠬᠡᠯᠡᠵᠦ ᠬᠠᠭᠤᠷᠤᠨ ᠮᠡᠬᠡᠯᠡᠵᠦ ᠂ ᠪᠤᠰᠤᠳᠵᠣᠭᠣᠰ ᠮᠥᠩᠭᠥ ᠡᠳ᠋ ᠪᠣᠳᠠᠰ ᠢ ᠮᠡᠬᠡᠯᠡᠨ  ᠠᠪᠴᠦ᠂ ᠠᠷᠠᠳᠵᠣᠭᠣᠰ 21800 ᠲᠥᠭᠥᠷᠢᠭ ᠂ ᠲᠠᠮᠠᠬᠢ ᠂ ᠭᠤᠯᠢᠷ ᠵᠢᠴᠢ ᠠᠮᠤ ᠲᠣᠰᠣ ᠵᠡᠷᠭᠡ ᠡᠳ᠋ ᠪᠣᠳᠠᠰ ᠢ ᠮᠡᠬᠡᠯᠡᠨ  ᠠᠪᠴᠦ᠂ ᠡᠳ᠋ ᠬᠥᠷᠥᠩᠭᠡ ᠵᠢᠨ ᠥᠷᠲᠡᠭ ᠨᠢ ᠨᠡᠶᠢᠲᠡ 22880 ᠲᠥᠭᠥᠷᠢᠭ  ᠪᠠᠢᠵᠦ᠂ ᠲᠡᠭᠦᠨ ᠦ ᠦᠢᠯᠡ ᠠᠵᠢᠯᠯᠠᠭ᠎ᠠ ᠨᠢ 《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰᠡᠷᠡᠭᠦᠦ ᠵᠢᠨ ᠬᠠᠤᠯᠢ 》 ᠵᠢᠨ ᠬᠣᠶᠠᠷ ᠵᠠᠭᠤ ᠳᠠᠯᠠ ᠶᠢᠰᠦᠳᠦᠭᠡᠷ ᠵᠦᠢᠯᠲᠣᠭᠲᠠᠭᠠᠯ ᠳᠤ ᠬᠠᠯᠳᠠᠵᠤ ᠂ ᠶᠠᠯ᠎ᠠ ᠬᠢᠭᠰᠡᠨ ᠪᠣᠳᠠᠲᠤ ᠶᠠᠪᠤᠳᠠᠯ ᠨᠢ ᠲᠣᠳᠣᠷᠬᠠᠶ ᠂ ᠭᠡᠷᠡᠴᠢ ᠪᠠᠷᠢᠮᠲᠠ ᠨᠢ ᠦᠨᠡᠨ ᠪᠣᠳᠠᠲᠠᠶ᠂ ᠪᠦᠷᠢᠨ ᠭᠦᠶᠴᠡᠳ  ᠪᠠᠢᠵᠦ᠂ ᠬᠤᠳᠠᠯ ᠬᠡᠯᠡᠵᠦ ᠬᠠᠭᠤᠷᠤᠨ ᠮᠡᠬᠡᠯᠡᠭᠰᠡᠨ ᠶᠠᠯ᠎ᠠ ᠪᠠᠷ ᠡᠷᠡᠭᠦᠸ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠵᠠᠭᠠᠯᠳᠤᠭᠳᠠᠭᠴᠢ ᠸᠠᠩ ᠣᠪᠣᠭᠲᠤ   ᠨᠢ ᠬᠤᠭᠤᠴᠠᠭ᠎ᠠ  ᠲᠠᠶ ᠬᠣᠷᠢᠬᠤ ᠡᠷᠡᠭᠦᠦ ᠪᠡᠷ ᠰᠢᠢᠳᠬᠡᠭᠳᠡᠭᠰᠡᠨ ᠦ ᠳᠠᠷᠠᠭ᠎ᠠ ᠲᠠᠪᠤᠨ ᠵᠢᠯᠳᠣᠲᠣᠷ᠎ᠠ ᠳᠠᠬᠢᠨ ᠵᠣᠷᠢᠭᠤᠳᠠ ᠶᠠᠯ᠎ᠠ ᠬᠢᠵᠦ ᠂ ᠲᠠᠬᠢᠨ ᠶᠠᠯ᠎ᠠ ᠬᠢᠭᠰᠡᠨ ᠭᠡᠷᠡᠭᠳᠡᠨ ᠳᠦ ᠲᠣᠭᠠᠴᠠᠭᠲᠠᠵᠦ᠂ 《ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰᠡᠷᠡᠭᠦᠸ ᠵᠢᠨ ᠬᠠᠸᠯᠢ》 ᠵᠢᠨ ᠵᠢᠷᠠᠨ ᠲᠠᠪᠤᠳᠤᠭᠠᠷ ᠵᠦᠶᠯᠨᠢᠭᠡᠳᠦᠭᠡᠷ ᠪᠠᠳᠠᠭᠲᠣᠭᠲᠠᠭᠠᠯ ᠢ ᠬᠡᠷᠡᠭᠯᠡᠪᠡᠯ᠂ ᠬᠦᠨᠳᠦ ᠪᠡᠷ ᠰᠢᠳᠬᠡᠬᠦ ᠬᠡᠷᠡᠭᠲᠡᠶ; ᠵᠠᠭᠠᠯᠳᠤᠭᠳᠠᠭᠴᠢ ᠸᠠᠩ ᠣᠪᠣᠭᠲᠤ ᠰᠢᠭᠦᠯᠲᠡ ᠳᠦ ᠣᠷᠣᠯᠴᠠᠭᠰᠠᠨ  ᠳᠠᠷᠠᠭ᠎ᠠ ᠥᠪᠡᠷᠶᠠᠯᠠᠲᠤ ᠠᠵᠢᠯᠯᠠᠭ᠎ᠠ ᠪᠠᠨ ᠦᠨᠡᠨ ᠮᠥᠨ ᠢᠶᠡᠷ ᠨᠢ ᠥᠴᠢᠭᠯᠡᠵᠦ ᠂ ᠴᠠᠭᠠᠪᠤᠷᠢᠯᠠᠵᠤ ᠂ 《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰᠡᠷᠡᠭᠦᠦ ᠵᠢᠨ ᠬᠠᠤᠯᠢ 》 ᠵᠢᠨ ᠵᠢᠷᠠᠨ ᠳᠣᠯᠣᠳᠤᠭᠠᠷ ᠵᠦᠢᠯᠭᠤᠷᠪᠠᠳᠤᠭᠠᠷ ᠪᠠᠳᠠᠭᠲᠣᠭᠲᠠᠭᠠᠯ ᠢ ᠬᠡᠷᠡᠭᠯᠡᠵᠦ ᠂ ᠬᠦᠩᠭᠡᠠ ᠢᠶᠡᠷ ᠰᠢᠳᠬᠡᠵᠦ ᠪᠣᠯᠤᠨ᠎ᠠ᠃ ᠵᠠᠭᠠᠯᠳᠤᠭᠳᠠᠭᠴᠢ ᠸᠠᠩ ᠣᠪᠣᠭᠲᠤ  ᠨᠢᠭᠡ ᠵᠢᠯ  ᠠᠷᠪᠠᠨ ᠰᠠᠷ᠎ᠠ ᠠᠴᠠ ᠳᠡᠭᠡᠭᠰᠢ ᠭᠤᠷᠪᠠᠨ ᠵᠢᠯ ᠡᠴᠡ ᠳᠣᠭᠣᠭᠰᠢ ᠬᠤᠭᠤᠴᠠᠭ᠎ᠠ ᠲᠠᠶ ᠬᠣᠷᠢᠬᠤ ᠪᠠᠷ ᠰᠢᠢᠳᠬᠡᠬᠦ  ᠰᠠᠨᠠᠭᠤᠯᠵᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰᠡᠷᠡᠭᠦᠦ  ᠵᠢᠨ ᠵᠠᠷᠭᠤ  ᠵᠢᠨ ᠬᠠᠤᠯᠢ︾  ᠵᠢᠨ ᠵᠠᠭᠤ ᠲᠠᠯᠠᠨ ᠵᠢᠷᠭᠤᠳᠤᠭᠠᠷ ᠵᠦᠢᠯ ᠨᠢᠭᠡᠳᠦᠭᠡᠷ ᠵᠤᠷᠪᠤᠰᠲᠣᠭᠲᠠᠭᠠᠯ  ᠢ ᠦᠡᠳᠤᠰᠤᠯᠡᠵᠦ᠂ ᠠᠯᠪᠠᠨ ᠵᠠᠭᠠᠯᠳᠤᠯᠭ᠎ᠠ ᠭᠠᠷᠭᠠᠪᠠ ᠃

ᠰᠢᠭᠦᠬᠦ ᠬᠣᠷᠢᠶ᠎ᠠ ᠪᠠᠷ ᠰᠢᠭᠦᠨ ᠰᠢᠶᠳᠪᠦᠷᠢᠯᠡᠭᠦᠯᠬᠦ᠄

ᠬᠣᠷᠴᠢᠨ ᠲᠣᠭᠣᠷᠢᠭᠠᠷᠠᠳᠪᠠᠶᠢᠴᠠᠭᠠᠬᠤ ᠬᠣᠷᠢᠶᠠᠨ  ᠡᠷᠡᠭᠦᠸ ᠰᠢᠳᠬᠡᠯ ᠣᠨᠣᠭᠳᠠᠭᠤᠯᠬᠤ ᠰᠠᠨᠠᠭᠤᠯᠭ᠎ᠠ  ᠭᠥᠯᠢᠶᠡᠨ ᠠᠪᠴᠤ ᠂ ᠸᠠᠩ ᠣᠪᠣᠭᠲᠤ ᠬᠤᠳᠠᠯ ᠬᠡᠯᠡᠵᠦ ᠬᠠᠭᠤᠷᠤᠨ ᠮᠡᠬᠡᠯᠡᠭᠰᠡᠨ ᠶᠠᠯ᠎ᠠ ᠪᠣᠯᠵᠣ ᠪᠦᠷᠢᠯᠳᠦᠵᠦ ᠂ ᠬᠣᠶᠠᠷ ᠵᠢᠯ ᠬᠤᠭᠤᠴᠠᠭ᠎ᠠ ᠲᠠᠶ ᠬᠣᠷᠢᠬᠤ ᠪᠠᠷ ᠰᠢᠳᠬᠡᠪᠡ ᠃

ᠪᠠᠢᠴᠠᠭᠠᠬᠤ ᠲᠤᠰᠢᠶᠠᠯᠲᠠᠨ  ᠰᠠᠨᠠᠭᠤᠯᠭ᠎ᠠ᠄

ᠪᠣᠳᠠᠲᠤ ᠠᠮᠢᠳᠤᠷᠠᠯᠳᠤᠮᠳᠠ ᠲᠠᠰᠤᠷᠠᠯᠲᠠ ᠦᠭᠡᠢ ᠡᠯ᠎ᠡ ᠵᠥᠢᠯ  ᠦᠨ  ᠮᠡᠬᠡᠯᠡᠬᠥ ᠠᠷᠭ᠎ᠠ  ᠮᠠᠶᠠᠭ ᠭᠠᠷᠴᠤ ᠂  ᠬᠥᠮᠥᠨᠰ  ᠰᠡᠷᠭᠡᠶᠢᠯᠡᠬᠦ ᠦᠭᠡᠢ ᠪᠠᠶᠬᠤ ᠵᠢᠨ ᠠᠷᠭ᠎ᠠ ᠦᠭᠡᠢ ᠂ ᠭᠡᠪᠡᠴᠦ ᠠᠯᠢᠪᠠ ᠤᠴᠢᠷ ᠲᠤ ᠬᠡᠷᠰᠡᠦ ᠪᠣᠯᠭᠣᠮᠵᠢᠲᠠᠢ ᠪᠠᠶᠪᠠᠯ ᠂ ᠠᠮᠠᠷᠬᠠᠨ ᠮᠡᠬᠡᠯᠡᠭᠳᠡᠬᠦ ᠦᠭᠡᠢ ᠃ ᠲᠠᠨᠢᠬᠤ ᠦᠭᠡᠢ ᠬᠥᠮᠦᠨ ᠳᠦ ᠰᠣᠨᠣᠷ ᠰᠡᠷᠡᠮᠵᠢ ᠲᠡᠶ ᠪᠠᠶᠢᠵᠤ᠂ ᠮᠡᠬᠡᠯᠡᠭᠴᠢ ᠳᠦ ᠵᠠᠪᠰᠢᠬᠤ ᠲᠣᠬᠢᠶᠠᠯ ᠣᠯᠭᠣᠬᠤ ᠦᠭᠡᠢ ᠭᠡᠵᠦ ᠪᠠᠶᠢᠴᠠᠭᠠᠬᠤ ᠲᠤᠰᠢᠶᠠᠯᠲᠠᠨ ᠥᠷᠭᠡᠨ ᠤᠯᠠᠨ ᠲᠦᠮᠡᠨ ᠳᠦ ᠰᠠᠨᠠᠭᠤᠯᠪᠠ᠃ ᠬᠡᠷᠪᠡ ᠮᠡᠬᠡᠯᠡᠭᠳᠡᠭᠰᠡᠨ ᠢ ᠣᠯᠵᠤ ᠮᠡᠳᠡᠪᠡᠯ ᠂ ᠬᠡᠷᠡᠭ ᠲᠦ ᠬᠣᠯᠪᠣᠭᠳᠠᠭᠰᠠᠨ ᠭᠡᠷᠡᠴᠢ ᠪᠠᠷᠢᠮᠲᠠ  ᠰᠠᠶᠢᠲᠤᠷ ᠬᠠᠳᠠᠭᠠᠯᠠᠵᠤ ᠂ ᠴᠠᠭ ᠲᠤᠬᠠᠶ ᠳᠤᠨᠢ ᠴᠠᠭᠳᠠᠭ᠎ᠠ ᠳᠤ ᠮᠡᠳᠡᠭᠦᠯᠬᠦ ᠬᠡᠷᠡᠭᠲᠡᠶ ᠃ 

ᠢᠷᠡᠯᠲᠡ
ᠬᠣᠷᠴᠢᠨ ᠲᠣᠭᠣᠷᠢᠭᠠᠷᠠᠳᠪᠠᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro