ᠥᠪᠥᠷ ᠮᠣᠩᠭᠣᠯᠪᠠᠶᠢᠴᠠᠭᠠᠬᠤ ᠪᠠᠶᠢᠭᠤᠯᠭ᠎ᠠ ᠵᠠᠩ ᠢᠦᠶ ᠵᠢᠶᠦ᠋ᠨ ᠦ ᠬᠠᠬᠤᠤᠯᠢ ᠢᠳᠡᠭᠰᠡᠨ ᠬᠡᠷᠡᠭ ᠲᠦ ᠬᠠᠸᠯᠢ ᠶᠣᠰᠣᠭᠠᠷ ᠠᠯᠪᠠᠨ ᠵᠠᠭᠠᠯᠳᠤᠯᠭ᠎ᠠ ᠭᠠᠷᠭᠠᠪᠠ
ᠣᠶᠢᠷ᠎ᠠ ᠳᠤ ᠂ ᠥᠪᠥᠷ ᠮᠣᠩᠭᠣᠯᠥᠪᠡᠷᠲᠡᠭᠡᠨ ᠵᠠᠰᠠᠬᠤ ᠣᠷᠣᠨ ᠬᠥᠯᠥᠨ ᠪᠣᠶᠢᠷ ᠬᠣᠲᠠ ᠵᠢᠨ ᠤᠯᠤᠰ ᠲᠥᠷᠥ ᠵᠢᠨ ᠵᠥᠪᠯᠡᠯᠭᠡᠨ ᠦ ᠤᠸᠯᠨᠠᠮᠤᠳᠤᠷᠢᠳᠬᠤ ᠳᠤᠭᠤᠶᠢᠯᠠᠩᠪᠦᠷᠢᠯᠳᠦᠬᠦᠨ ᠂ ᠳᠡᠳ᠋ ᠲᠡᠷᠢᠭᠦᠯᠡᠭᠴᠢ ᠵᠠᠩ ᠢᠦᠶ ᠵᠢᠶᠦ᠋ᠨ ︵ ᠳᠡᠳ᠋ ᠲᠢᠩᠬᠢᠮᠲᠠᠰ ︶ ᠬᠠᠬᠤᠤᠯᠢ ᠢᠳᠡᠭᠰᠡᠨᠰᠡᠵᠢᠭᠯᠡᠯᠲᠡᠶ ᠬᠡᠷᠡᠭ ᠢ ᠥᠪᠥᠷ ᠮᠣᠩᠭᠣᠯᠥᠪᠡᠷᠲᠡᠭᠡᠨ ᠵᠠᠰᠠᠬᠤ ᠣᠷᠣᠨ ᠠᠷᠠᠳᠪᠠᠶᠢᠴᠠᠭᠠᠬᠤ ᠬᠣᠷᠢᠶ᠎ᠠ ᠬᠠᠷᠢᠶᠠᠯᠠᠯ ᠢ ᠵᠢᠭᠠᠨ ᠲᠣᠭᠲᠠᠭᠠᠵᠤ ᠂ ᠤᠯᠠᠭᠠᠨᠬᠠᠳᠠ ᠬᠣᠲᠠ ᠵᠢᠨ ᠠᠷᠠᠳᠪᠠᠶᠢᠴᠠᠭᠠᠬᠤ ᠬᠣᠷᠢᠶ᠎ᠠ ᠠᠴᠠ ᠤᠯᠠᠭᠠᠨᠬᠠᠳᠠ ᠬᠣᠲᠠ ᠵᠢᠨ ᠠᠷᠠᠳ ᠳᠤᠮᠳᠠᠳᠦ ᠵᠡᠷᠭᠡ ᠵᠢᠨ ᠰᠢᠭᠦᠬᠦ ᠬᠣᠷᠢᠶ᠎ᠠ ᠳᠤ ᠠᠯᠪᠠᠨ ᠵᠠᠭᠠᠯᠳᠤᠯᠭ᠎ᠠ ᠭᠠᠷᠭᠠᠪᠠ᠃
ᠪᠠᠶᠢᠴᠠᠭᠠᠬᠤ ᠪᠠᠶᠢᠭᠤᠯᠭ᠎ᠠ ᠬᠢᠨᠠᠨ ᠪᠠᠶᠢᠴᠠᠭᠠᠵᠤ ᠵᠠᠭᠠᠯᠳᠤᠬᠤ ᠱᠠᠲᠤᠨ ᠳᠤ ᠂ ᠵᠠᠭᠠᠯᠳᠤᠭᠳᠠᠭᠴᠢ ᠵᠠᠩ ᠢᠦᠶ ᠵᠢᠶᠦ᠋ᠨ ᠦ ᠡᠳ᠋ᠯᠡᠬᠦ ᠵᠠᠷᠭᠤᠯᠳᠤᠬᠤ ᠡᠷᠬᠡ ᠬᠠᠤᠯᠢ ᠶᠣᠰᠣᠭᠠᠷ ᠮᠡᠳᠡᠭᠳᠡᠭᠰᠡᠨ ᠪᠥᠭᠡᠳ ᠵᠠᠭᠠᠯᠳᠤᠭᠳᠠᠭᠴᠢ ᠠᠴᠠ ᠬᠠᠤᠯᠢ ᠶᠣᠰᠣᠭᠠᠷ ᠰᠢᠭᠦᠨ ᠠᠰᠠᠭᠤᠵᠤ ᠂ ᠥᠮᠥᠭᠯᠡᠭᠴᠢ ᠵᠢᠨ ᠰᠠᠨᠠᠯ ᠢ ᠰᠣᠨᠣᠰᠴᠠᠶ ᠃ ᠤᠯᠠᠭᠠᠨᠬᠠᠳᠠ ᠬᠣᠲᠠ ᠵᠢᠨ ᠠᠷᠠᠳᠪᠠᠶᠢᠴᠠᠭᠠᠬᠤ ᠬᠣᠷᠢᠶ᠎ᠠ ᠵᠠᠭᠠᠯᠳᠤᠭᠰᠠᠨ ᠨᠢ ᠄ ᠵᠠᠭᠠᠯᠳᠤᠭᠳᠠᠭᠴᠢ ᠵᠠᠩ ᠢᠦᠶ ᠵᠢᠶᠦ᠋ᠨ ᠬᠥᠯᠥᠨ ᠪᠣᠶᠢᠷ ᠬᠣᠲᠠ ᠵᠢᠨ ᠬᠠᠶᠢᠯᠠᠷ ᠲᠣᠭᠣᠷᠢᠭᠨᠠᠮᠬᠣᠷᠢᠶᠠ ᠵᠢᠨ ᠳᠡᠳ᠋ ᠱᠦᠵᠢ ᠂ ᠲᠤᠭᠤᠷᠢᠭᠲᠠᠷᠤᠭᠠ ᠂ ᠬᠥᠯᠥᠨ ᠪᠤᠶᠢᠷ ᠬᠣᠲᠠ ᠵᠢᠨ ᠳᠠᠷᠤᠭ᠎ᠠ ᠵᠢᠨ ᠲᠤᠰᠠᠯᠠᠭᠴᠢ ᠂ ᠬᠥᠯᠥᠨ ᠪᠤᠶᠢᠷ ᠬᠣᠲᠠ ᠵᠢᠨ ᠨᠠᠮᠬᠣᠷᠢᠶᠠ ᠵᠢᠨ ᠪᠠᠶᠢᠩᠭᠤ ᠵᠢᠨ ᠭᠡᠰᠢᠭᠦᠨ ᠂ ᠬᠠᠶᠢᠯᠠᠷ ᠲᠤᠭᠤᠷᠢᠭᠨᠠᠮᠬᠣᠷᠢᠶᠠ ᠵᠢᠨ ᠱᠦᠵᠢ ᠂ ᠥᠪᠥᠷ ᠮᠣᠩᠭᠣᠯᠥᠪᠡᠷᠲᠡᠭᠡᠨ ᠵᠠᠰᠠᠬᠤ ᠣᠷᠣᠨ ᠵᠢᠭᠤᠯᠴᠢᠯᠠᠯᠲᠣᠪᠴᠢᠶᠠ ᠵᠢᠨ ᠨᠠᠮᠤᠳᠤᠷᠢᠳᠬᠤ ᠳᠤᠭᠤᠶᠢᠯᠠᠩᠪᠦᠷᠢᠯᠳᠦᠬᠦᠨ ᠂ ᠳᠡᠳ᠋ ᠲᠣᠪᠴᠢᠶᠠᠨ ᠳᠠᠷᠤᠭ᠎ᠠ ᠂ ᠥᠪᠥᠷ ᠮᠣᠩᠭᠣᠯᠥᠪᠡᠷᠲᠡᠭᠡᠨ ᠵᠠᠰᠠᠬᠤ ᠣᠷᠣᠨ ᠵᠢᠭᠤᠯᠴᠢᠯᠠᠯᠬᠥᠭᠵᠢᠯᠲᠡ ᠵᠢᠨ ᠵᠥᠪᠯᠡᠯᠨᠠᠮᠤᠳᠤᠷᠢᠳᠬᠤ ᠳᠤᠭᠤᠶᠢᠯᠠᠩᠪᠦᠷᠢᠯᠳᠦᠬᠦᠨ ᠂ ᠳᠡᠳ᠋ ᠡᠷᠬᠢᠯᠡᠭᠴᠢ ᠂ ᠥᠪᠥᠷ ᠮᠣᠩᠭᠣᠯᠥᠪᠡᠷᠲᠡᠭᠡᠨ ᠵᠠᠰᠠᠬᠤ ᠣᠷᠣᠨ ᠰᠣᠶᠣᠯ ᠪᠠ ᠵᠢᠭᠤᠯᠴᠢᠯᠠᠯᠲᠢᠩᠬᠢᠮᠨᠠᠮᠤᠳᠤᠷᠢᠳᠬᠤ ᠳᠤᠭᠤᠶᠢᠯᠠᠩᠪᠦᠷᠢᠯᠳᠦᠬᠦᠨ ᠂ ᠳᠡᠳ᠋ ᠲᠢᠩᠬᠢᠮᠳᠠᠷᠤᠭᠠ ᠵᠡᠷᠭᠡ ᠲᠤᠰᠢᠶᠠᠯᠳᠥᠭᠥᠮ ᠢᠶᠠᠨ ᠠᠰᠢᠭᠯᠠᠨ ᠂ ᠪᠤᠰᠤᠳᠡᠳ᠋ ᠬᠣᠭᠰᠢᠯ ᠢ ᠬᠠᠤᠯᠢ ᠪᠤᠰᠤ ᠪᠠᠷ ᠬᠦᠯᠢᠶᠡᠨ ᠠᠪᠴᠤ ᠂ ᠪᠤᠰᠤᠳ ᠲᠤ ᠠᠰᠢᠭ ᠲᠤᠰᠠ ᠣᠯᠭᠣᠵᠤ ᠂ ᠲᠣᠭ᠎ᠠ ᠬᠡᠮᠵᠢᠶ᠎ᠡ ᠨᠢ ᠣᠨᠴᠠᠭᠠᠶ ᠯᠤᠲᠤ ᠶᠡᠬᠡ ᠪᠠᠶᠢᠵᠤ᠂ ᠬᠠᠸᠯᠢ ᠶᠣᠰᠣᠭᠠᠷ ᠬᠠᠬᠤᠤᠯᠢ ᠢᠳᠡᠭᠰᠡᠨ ᠶᠠᠯ᠎ᠠ ᠪᠠᠷ ᠡᠷᠡᠭᠦᠸ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃