ᠥᠪᠥᠷ ᠮᠣᠩᠭᠣᠯᠪᠠᠶᠢᠴᠠᠭᠠᠬᠤ ᠪᠠᠶᠢᠭᠤᠯᠭ᠎ᠠ ᠼᠤᠤ ᠸᠸᠨ ᠮᠢᠨ ᠢ ᠬᠠᠸᠯᠢ ᠶᠣᠰᠣᠭᠠᠷ ᠪᠠᠷᠢᠪᠴᠢᠯᠠᠬᠤ ᠪᠠᠷ ᠲᠣᠭᠲᠠᠪᠠ
ᠥᠪᠥᠷ ᠮᠣᠩᠭᠣᠯᠥᠪᠡᠷᠲᠡᠭᠡᠨ ᠵᠠᠰᠠᠬᠤ ᠣᠷᠣᠨ ᠲᠦᠩᠯᠢᠶᠣᠤ ᠬᠣᠲᠠ ᠵᠢᠨ ᠨᠠᠮᠬᠣᠷᠢᠶᠠᠨ ᠪᠠᠶᠢᠩᠭᠤ ᠵᠢᠨ ᠭᠡᠰᠢᠭᠦᠨ ᠂ ᠨᠢᠭᠡᠳᠦᠮᠡᠯ ᠹᠷᠣᠨᠲ᠋ᠬᠡᠯᠲᠡᠰᠳᠠᠷᠤᠭᠠ ᠼᠤᠤ ᠸᠸᠨ ᠮᠢᠨ ︵ ᠳᠡᠳ᠋ ᠲᠢᠩᠬᠢᠮᠲᠠᠰ ︶ ᠬᠠᠬᠤᠤᠯᠢ ᠢᠳᠡᠭᠰᠡᠨ᠂ ᠱᠠᠮᠰᠢᠭᠰᠠᠨ ᠂ ᠯᠤᠲᠤ ᠶᠡᠬᠡ ᠡᠳ᠋ ᠬᠥᠷᠥᠩᠭᠡ ᠵᠢᠨ ᠢᠷᠡᠯᠲᠡ ᠨᠢ ᠲᠣᠳᠣᠷᠬᠠᠶ ᠪᠤᠰᠤ ᠂ ᠬᠢᠯᠢ ᠵᠢᠨ ᠭᠠᠳᠠᠨᠠᠬᠢ ᠬᠠᠳᠠᠭᠠᠯᠠᠮᠵᠢ ᠪᠠᠨ ᠨᠢᠭᠤᠨ ᠳᠠᠯᠳᠠᠯᠠᠭᠰᠠᠨ ᠰᠡᠵᠢᠭᠯᠡᠯᠲᠡᠶ ᠬᠡᠷᠡᠭ ᠢ ᠥᠪᠥᠷ ᠮᠣᠩᠭᠣᠯᠥᠪᠡᠷᠲᠡᠭᠡᠨ ᠵᠠᠰᠠᠬᠤ ᠣᠷᠣᠨ ᠬᠢᠨᠠᠨ ᠪᠠᠶᠢᠴᠠᠭᠠᠬᠤ ᠵᠥᠪᠯᠡᠯ ᠪᠠᠶᠢᠴᠠᠭᠠᠨ ᠳᠠᠭᠤᠰᠬᠠᠵᠤ ᠂ ᠪᠠᠶᠢᠴᠠᠭᠠᠬᠤ ᠪᠠᠶᠢᠭᠤᠯᠭ᠎ᠠ ᠳᠤ ᠬᠢᠨᠠᠨ ᠪᠠᠶᠢᠴᠠᠭᠠᠯᠭᠠᠵᠤ ᠵᠠᠭᠠᠯᠳᠤᠭᠤᠯᠬᠤ ᠪᠠᠷ ᠰᠢᠯᠵᠢᠭᠦᠯᠦᠨ ᠬᠦᠷᠭᠡᠪᠡ ᠃ ᠥᠪᠥᠷ ᠮᠣᠩᠭᠣᠯᠥᠪᠡᠷᠲᠡᠭᠡᠨ ᠵᠠᠰᠠᠬᠤ ᠣᠷᠣᠨ ᠠᠷᠠᠳᠪᠠᠶᠢᠴᠠᠭᠠᠬᠤ ᠬᠣᠷᠢᠶ᠎ᠠ ᠠᠴᠠ ᠲᠤᠰᠢᠶᠠᠨ ᠰᠢᠶᠳᠪᠦᠷᠢᠯᠡᠭᠦᠯᠵᠦ ᠂ ᠦᠬᠠᠶ ᠬᠣᠲᠠ ᠵᠢᠨ ᠠᠷᠠᠳᠪᠠᠶᠢᠴᠠᠭᠠᠬᠤ ᠬᠣᠷᠢᠶ᠎ᠠ ᠬᠢᠨᠠᠨ ᠪᠠᠶᠢᠴᠠᠭᠠᠵᠤ ᠵᠠᠭᠠᠯᠳᠤᠨ᠎ᠠ ᠃ ᠲᠦᠷᠦᠭᠦᠬᠡᠨ ᠂ ᠦᠬᠠᠶ ᠬᠣᠲᠠ ᠵᠢᠨ ᠠᠷᠠᠳᠪᠠᠶᠢᠴᠠᠭᠠᠬᠤ ᠬᠣᠷᠢᠶ᠎ᠠ ᠬᠠᠸᠯᠢ ᠶᠣᠰᠣᠭᠠᠷ ᠬᠠᠬᠤᠤᠯᠢ ᠢᠳᠡᠭᠰᠡᠨ ᠶᠠᠯ᠎ᠠ ᠂ ᠱᠠᠮᠰᠢᠭᠰᠠᠨ ᠶᠠᠯ᠎ᠠ ᠂ ᠯᠤᠲᠤ ᠶᠡᠬᠡ ᠡᠳ᠋ ᠬᠥᠷᠥᠩᠭᠡ ᠵᠢᠨ ᠢᠷᠡᠯᠲᠡ ᠨᠢ ᠲᠣᠳᠣᠷᠬᠠᠶ ᠪᠤᠰᠤ ᠶᠠᠯ᠎ᠠ ᠂ ᠬᠢᠯᠢ ᠵᠢᠨ ᠭᠠᠳᠠᠨᠠᠬᠢ ᠬᠠᠳᠠᠭᠠᠯᠠᠮᠵᠢ ᠪᠠᠨ ᠨᠢᠭᠤᠨ ᠳᠠᠯᠳᠠᠯᠠᠭᠰᠠᠨ ᠶᠠᠯ᠎ᠠ ᠪᠠᠷ ᠼᠤᠤ ᠸᠸᠨ ᠮᠢᠨ ᠢ ᠪᠠᠷᠢᠪᠴᠢᠯᠠᠬᠤ ᠲᠣᠭᠲᠠᠭᠠᠯ ᠭᠠᠷᠭᠠᠪᠠ ᠃ ᠲᠣᠰ ᠬᠡᠷᠡᠭ ᠢ ᠶᠠᠭ ᠤᠯᠠᠮ ᠨᠢᠭᠡ ᠠᠯᠬᠤᠮ ᠰᠢᠶᠳᠪᠦᠷᠢᠯᠡᠵᠦ ᠪᠠᠢᠨ᠎ᠠ ᠃