ᠥᠪᠥᠷ ᠮᠣᠩᠭᠣᠯᠪᠠᠶᠢᠴᠠᠭᠠᠬᠤ ᠪᠠᠶᠢᠭᠤᠯᠭ᠎ᠠ ᠳ᠋ᠦ᠋ ᠮᠤᠤ ᠯᠢᠨ ᠢ ᠬᠠᠸᠯᠢ ᠶᠣᠰᠣᠭᠠᠷ ᠪᠠᠷᠢᠪᠴᠢᠯᠠᠬᠤ ᠪᠠᠷ ᠲᠣᠭᠲᠠᠪᠠ
ᠥᠪᠥᠷ ᠮᠣᠩᠭᠣᠯᠠᠨᠠᠭᠠᠬᠤ ᠤᠬᠠᠭᠠᠨ ᠶᠡᠬᠡ ᠰᠤᠷᠭᠠᠭᠤᠯᠢ ᠵᠢᠨ ᠤᠤᠯᠨᠠᠮᠬᠣᠷᠢᠶᠠ ᠵᠢᠨ ᠳᠡᠳ᠋ ᠱᠦᠵᠢ ᠂ ᠰᠤᠷᠭᠠᠭᠤᠯᠢ ᠵᠢᠨ ᠵᠠᠬᠢᠷᠤᠯ ᠳ᠋ᠦ᠋ ᠮᠤᠤ ᠯᠢᠨ ( ᠵᠢᠩᠬᠢᠨᠢ ᠲᠢᠩᠬᠢᠮᠳᠡᠰ ) ᠬᠠᠬᠤᠥᠯᠢ ᠢᠳᠡᠭᠰᠡᠨ ᠰᠡᠵᠢᠭᠯᠡᠯᠲᠡᠶ ᠬᠡᠷᠡᠭ ᠢ ᠥᠪᠥᠷ ᠮᠣᠩᠭᠣᠯᠥᠪᠡᠷᠲᠡᠭᠡᠨ ᠵᠠᠰᠠᠬᠤ ᠣᠷᠣᠨ ᠬᠢᠨᠠᠨ ᠪᠠᠶᠢᠴᠠᠭᠠᠬᠤ ᠵᠥᠪᠯᠡᠯ ᠪᠠᠶᠢᠴᠠᠭᠠᠨ ᠳᠠᠭᠤᠰᠬᠠᠵᠤ ᠂ ᠪᠠᠶᠢᠴᠠᠭᠠᠬᠤ ᠪᠠᠶᠢᠭᠤᠯᠭ᠎ᠠ ᠳᠤ ᠵᠠᠭᠠᠯᠳᠤᠬᠤ ᠬᠢᠨᠠᠨ ᠪᠠᠶᠢᠴᠠᠭᠠᠯᠭᠠᠬᠤ ᠪᠠᠷ ᠰᠢᠯᠵᠢᠭᠦᠯᠦᠨ ᠬᠦᠷᠭᠡᠪᠡ ᠃ ᠥᠪᠥᠷ ᠮᠣᠩᠭᠣᠯᠥᠪᠡᠷᠲᠡᠭᠡᠨ ᠵᠠᠰᠠᠬᠤ ᠣᠷᠣᠨ ᠠᠷᠠᠳᠪᠠᠶᠢᠴᠠᠭᠠᠬᠤ ᠬᠣᠷᠢᠶ᠎ᠠ ᠬᠠᠷᠢᠶᠠᠯᠠᠯ ᠢ ᠵᠢᠭᠠᠨ ᠳᠤᠭᠳᠠᠭᠠᠬᠤ ᠪᠠᠷ ᠲᠠᠮᠵᠢᠨ᠂ ᠣᠷᠳᠣᠰ ᠬᠣᠲᠠ ᠵᠢᠨ ᠠᠷᠠᠳᠪᠠᠶᠢᠴᠠᠭᠠᠬᠤ ᠬᠣᠷᠢᠶ᠎ᠠ ᠬᠢᠨᠠᠨ ᠪᠠᠶᠢᠴᠠᠭᠠᠵᠤ ᠵᠠᠭᠠᠯᠳᠤᠨ᠎ᠠ ᠃ ᠲᠦᠷᠦᠭᠦᠬᠡᠨ ᠂ ᠣᠷᠳᠣᠰ ᠬᠣᠲᠠ ᠵᠢᠨ ᠠᠷᠠᠳᠪᠠᠶᠢᠴᠠᠭᠠᠬᠤ ᠬᠣᠷᠢᠶ᠎ᠠ ᠬᠠᠸᠯᠢ ᠶᠣᠰᠣᠭᠠᠷ ᠬᠠᠬᠤᠥᠯᠢ ᠢᠳᠡᠭᠰᠡᠨ ᠶᠠᠯ ᠠ ᠪᠠᠷ ᠳ᠋ᠦ᠋ ᠮᠤᠤ ᠯᠢᠨ ᠢ ᠪᠠᠷᠢᠪᠴᠢᠯᠠᠬᠤ ᠲᠣᠭᠲᠠᠭᠠᠯ ᠭᠠᠷᠭᠠᠪᠠ ᠃ ᠲᠣᠰ ᠬᠡᠷᠡᠭ ᠢ ᠶᠠᠭ ᠤᠯᠠᠮ ᠨᠢᠭᠡ ᠠᠯᠬᠤᠮ ᠰᠢᠶᠳᠪᠦᠷᠢᠯᠡᠵᠦ ᠪᠠᠢᠨ᠎ᠠ ᠃