ᠰᠦᠨᠢᠳ ᠪᠠᠷᠠᠭᠤᠨ ᠬᠤᠰᠢᠭᠤᠨ ᠠᠷᠠᠳᠪᠠᠶᠢᠴᠠᠭᠠᠬᠤ ᠬᠤᠷᠢᠶᠠᠨ ᠵᠠᠭᠠᠯᠳᠤᠯᠭ᠎ᠠ ᠵᠢᠨ ᠪᠢᠴᠢᠭ
ᠰᠦᠨᠢᠳ ᠂ ᠪᠠᠷᠠᠭᠤᠨ᠂ ᠪᠠᠶᠢᠴᠠᠭᠠᠬᠤ ᠂ ᠨᠢᠭᠡᠳᠦᠭᠡᠷ ᠬᠡᠯᠲᠡᠰ᠂ ᠡᠷᠡᠭᠦᠦ ᠵᠠᠭᠠᠯᠳᠤᠯᠭ᠎ᠠ [2020]14 ᠳ᠋ᠤᠭᠠᠷ ᠲᠣᠭᠠᠲᠤ
ᠵᠠᠭᠠᠯᠳᠤᠭᠳᠠᠭᠴᠢ ᠰᠤ** ᠂ ᠡᠷᠡᠭᠲᠡᠢ ᠂1992ᠤᠨ **ᠰᠠᠷᠠᠵᠢᠨ** ᠡᠳᠤᠷ ᠲᠦᠷᠦᠵᠠᠢ ᠂ ᠪᠡᠶ᠎ᠠ ᠵᠢᠨ ᠦᠨᠡᠮᠯᠡᠯᠨᠣᠮᠧᠷ ᠄ 1525241992********᠂ ᠮᠤᠩᠭᠤᠯ ᠦᠨᠳᠦᠰᠦᠳᠡᠨ᠂ ᠠᠩᠬ᠎ᠠ ᠲᠤᠮᠳᠠ ᠰᠤᠶᠤᠯ ᠲᠠᠢ ᠂ ᠬᠤᠪᠢ ᠵᠢᠨ ᠡᠵᠡᠨᠨᠡᠭᠴᠢ᠂ ᠡᠷᠦᠬᠡ ᠠᠮᠠ ᠪᠠᠶᠢᠭ᠎ᠠ ᠭᠠᠵᠠᠷ ︵ᠲᠦᠷᠦᠭᠰᠡᠨ ᠨᠤᠳᠤᠭ︶ ᠄ ᠰᠦᠨᠢᠳ ᠪᠠᠷᠠᠭᠤᠨ ᠬᠤᠰᠢᠭᠤᠨ ᠣ *** ᠰᠤᠮᠤᠨ ᠣ *** ᠭᠠᠴᠠᠭᠠᠨ 009 ᠤᠳᠤ ᠰᠠᠭᠤᠭ᠎ᠠ ᠬᠤᠰᠢᠭᠤᠨ ᠣ*** ᠵᠢᠨ ᠰᠠᠭᠤᠭᠠᠯᠢ ᠠᠷᠠᠳᠲᠤᠭᠤᠷᠢᠭ ᠃ ᠵᠠᠭᠠᠯᠳᠤᠭᠳᠠᠭᠴᠢ ᠰᠤ** ᠨᠢ ᠠᠶᠤᠯᠳᠠᠢ ᠪᠠᠷ ᠮᠠᠰᠢᠨ ᠲᠡᠷᠭᠡ ᠵᠢᠯᠤᠭᠤᠳᠤᠭᠰᠠᠨ ᠶᠠᠯ᠎ᠠ ᠬᠢᠭᠰᠡᠨ ᠰᠡᠵᠢᠭᠳᠡᠢ ᠪᠡᠷ 2020 ᠤᠨ 3 ᠰᠠᠷᠠᠵᠢᠨ30 ᠡᠳᠤᠷ ᠰᠦᠨᠢᠳ ᠪᠠᠷᠠᠭᠤᠨ ᠬᠤᠰᠢᠭᠤᠨ ᠲᠤᠳᠤᠭᠠᠳᠤ ᠬᠠᠮᠠᠭᠠᠯᠠᠬᠤ ᠲᠤᠪᠴᠢᠶᠠᠨ ᠳᠤ ᠪᠠᠳᠤᠯᠠᠭ᠎ᠠ ᠠᠪᠴᠤ ᠰᠢᠭᠦᠯᠳᠠ ᠭᠦᠯᠢᠶᠠᠵᠤ ᠂ 2020ᠤᠨ ᠣ 5ᠰᠠᠷᠠᠵᠢᠨ ᠣ 13ᠡᠳᠤᠷ ᠮᠠᠨ ᠣ ᠬᠤᠷᠢᠶᠠᠨ ᠠᠴᠠ ᠪᠠᠳᠤᠯᠠᠭ᠎ᠠ ᠠᠪᠴᠤ ᠰᠢᠭᠦᠯᠳᠡ ᠬᠦᠯᠢᠶᠡᠪᠡ᠃
ᠲᠤᠰ ᠬᠡᠷᠡᠭ ᠢ ᠰᠦᠨᠢᠳ ᠪᠠᠷᠠᠭᠤᠨ ᠬᠤᠰᠢᠭᠤᠨ ᠲᠤᠳᠤᠭᠠᠳᠤ ᠬᠠᠮᠠᠭᠠᠯᠠᠬᠤ ᠲᠤᠪᠴᠢᠶᠠᠨ ᠡᠴᠡ ᠲᠤᠷᠰᠢᠨ ᠪᠠᠶᠢᠴᠠᠭᠠᠨ ᠲᠠᠭᠤᠰᠬᠠᠵᠤ ᠂ ᠵᠠᠭᠠᠯᠳᠤᠭᠳᠠᠭᠴᠢ ᠰᠤ** ᠢ ᠠᠶᠤᠯᠳᠠᠢ ᠪᠠᠷ ᠮᠠᠰᠢᠨ ᠲᠡᠷᠭᠡ ᠵᠢᠯᠤᠭᠤᠳᠤᠭᠰᠠᠨ ᠶᠠᠯ᠎ᠠ ᠳᠤ ᠬᠤᠯᠪᠤᠭᠳᠠᠭᠰᠠᠨ ᠢᠶᠡᠷ 2020ᠤᠨ 5ᠰᠠᠷᠠᠵᠢᠨ12 ᠡᠳᠤᠷ ᠮᠠᠨ ᠬᠤᠷᠢᠶᠠᠨ ᠳᠤ ᠬᠢᠨᠠᠨ ᠵᠠᠭᠠᠯᠳᠤᠭᠤᠯᠬᠤ ᠪᠡᠷ ᠰᠢᠯᠵᠢᠭᠦᠯᠦᠨ ᠢᠷᠡᠭᠦᠯᠪᠡ ᠃ ᠮᠠᠨ ᠬᠤᠷᠢᠶ᠎ᠠ ᠬᠦᠯᠢᠶᠡᠨ ᠠᠪᠤᠭᠰᠠᠨ ᠤ ᠲᠠᠷᠠᠭ᠎ᠠ ᠂ 2020ᠤᠨ 5 ᠰᠠᠷ᠎ᠠ ᠵᠢᠨ13 ᠡᠳᠦᠷ ᠵᠠᠭᠠᠯᠳᠤᠭᠳᠠᠭᠴᠢ ᠳᠤ ᠦᠮᠦᠭᠯᠡᠭᠴᠢ ᠨᠠᠶᠢᠳᠠᠬᠤ ᠡᠷᠬᠡ ᠲᠠᠢ ᠪᠠ ᠶᠠᠯ᠎ᠠ ᠪᠠᠨ ᠮᠡᠳᠡᠷᠡᠵᠦ ᠂ ᠰᠢᠳᠬᠡᠯ ᠢ ᠬᠦᠯᠢᠶᠡᠬᠦ ᠬᠠᠤᠯᠢ ᠴᠠᠭᠠᠵᠠ ᠵᠢᠨ ᠦᠷ᠎ᠡ ᠳ᠋ᠦᠩ ᠢ ᠮᠡᠳᠡᠭᠳᠡᠵᠦ ᠂ ᠬᠤᠤᠷᠯᠠᠭᠳᠠᠭᠴᠢ᠂ ᠵᠢᠵᠢᠭᠦᠷᠯᠡᠭᠴᠢ ᠬᠠᠤᠯᠢᠴᠢ ᠵᠢᠴᠢ ᠵᠠᠭᠠᠯᠳᠤᠭᠳᠠᠭᠴᠢ ᠵᠢᠨ ᠰᠠᠨᠠᠯ ᠢ ᠰᠣᠨᠣᠰᠴᠤ ᠂ ᠵᠠᠭᠠᠯᠳᠤᠭᠳᠠᠭᠴᠢ ᠡᠴᠡ ᠬᠠᠤᠯᠢ ᠶᠤᠰᠤᠭᠠᠷ ᠰᠢᠭᠦᠨ ᠠᠰᠠᠭᠤᠵᠤ ᠂ ᠪᠦᠬᠦ ᠬᠡᠷᠡᠭᠮᠠᠲᠸᠷᠢᠶᠠᠯ ᠢ ᠬᠢᠨᠠᠨ ᠪᠠᠶᠢᠴᠠᠭᠠᠪᠠ ᠃ ᠵᠠᠭᠠᠯᠳᠤᠭᠳᠠᠭᠴᠢ ᠰᠤ** ᠲᠤᠰ ᠬᠡᠷᠡᠭ ᠢ ᠬᠢᠯᠪᠡᠷ ᠵᠢᠷᠤᠮ ᠢᠶᠡᠷ ᠰᠢᠭᠦᠬᠦ ᠵᠦᠪᠰᠢᠶᠡᠷᠡᠪᠡ ᠃
ᠬᠠᠤᠯᠢ ᠶᠤᠰᠤᠭᠠᠷ ᠬᠢᠨᠠᠨ ᠪᠠᠶᠢᠴᠠᠭᠠᠨ ᠲᠤᠳᠤᠯᠠᠭᠰᠠᠨ ᠨᠢ ᠄
2020ᠤᠨ ᠣ 3 ᠰᠠᠷᠠᠵᠢᠨ26 ᠣ ᠡᠳᠤᠷ ᠤᠨ15 ᠴᠠᠭ ᠤᠷᠴᠢᠮ᠂ ᠵᠠᠭᠠᠯᠳᠤᠭᠳᠠᠭᠴᠢ ᠰᠤ** ᠠᠷᠢᠬᠢ ᠤᠤᠭᠤᠭᠰᠠᠨ ᠳᠠᠷᠠᠭ᠎ᠠ ᠦᠨᠡᠮᠯᠡᠯ ᠦᠭᠡᠢ ᠪᠡᠷ鲁***** ᠲᠡᠷᠭᠡ ᠵᠢᠯᠤᠭᠤᠳᠤᠵᠤ ᠂ ᠰᠦᠨᠢᠳ ᠪᠠᠷᠠᠭᠤᠨ ᠬᠤᠰᠢᠭᠤᠨ ᠰᠠᠶᠢᠬᠠᠨᠲᠠᠯ᠎ᠠ ᠪᠠᠯᠭᠠᠰᠤᠨ *** ᠵᠠᠮ ᠢᠶᠡᠷ ᠡᠮᠦᠨ᠎ᠡ ᠡᠴᠡ ᠬᠤᠵᠢᠨ᠎ᠠ ᠵᠦᠭ ᠶᠠᠪᠤᠵᠤ ︽*** ︾ ᠬᠤᠭᠤᠯᠠᠨ ᠭᠡᠷᠤᠶᠢᠷᠠᠯᠴᠠᠭᠠ ᠬᠦᠷᠬᠦ ᠳ᠋ᠦ ᠶᠠᠩ ᠤᠪᠤᠭᠲᠤ ᠵᠢᠨ ᠵᠢᠯᠤᠭᠤᠳᠤᠭᠰᠠᠨ蒙H***** ᠮᠠᠰᠢᠨ ᠲᠡᠷᠭᠡ ᠰᠡᠭᠦᠯᠳᠡᠨ ᠮᠥᠷᠭᠦᠵᠦ ᠵᠠᠮ ᠬᠠᠷᠢᠯᠴᠠᠭᠠᠨ ᠣ ᠡᠨᠳᠠᠯ ᠭᠠᠷᠭᠠᠪᠠ᠃ ᠬᠡᠷᠡᠭᠲᠠᠷᠠᠭᠠ᠂ ᠵᠢᠨ ᠴᠠᠭᠠᠵᠠ ᠵᠢᠨ ᠰᠢᠯᠭᠠᠨ ᠲᠤᠭᠳᠠᠭᠠᠯᠳᠠ ᠵᠢᠨ ᠰᠠᠯᠪᠤᠷᠢ ᠠᠴᠠ ᠰᠤ** ᠤ ᠴᠢᠰᠤᠨ ᠭᠡᠪ ᠳ᠋ᠡᠬᠢ ᠰᠫᠢᠷᠲᠠᠭᠤᠯᠤᠭᠳᠠᠴᠠ ᠨᠢ ᠄ 160.3 mg/100ml ᠭᠡᠵᠤ ᠨᠤᠳᠠᠯᠠᠪᠠ᠃ ᠰᠥᠨᠢᠳ ᠪᠠᠷᠠᠭᠤᠨ ᠬᠣᠰᠢᠭᠤᠨ ᠳᠣᠲᠣᠭᠠᠳᠤ ᠬᠠᠮᠠᠭᠠᠯᠠᠬᠤ ᠳᠤᠪᠴᠢᠶᠠᠨ ᠵᠠᠮ ᠬᠠᠷᠢᠯᠴᠠᠭᠠᠨ ᠶᠡᠬᠡ ᠠᠨᠭᠭᠢ ᠵᠢᠨ ᠨᠤᠲᠠᠯᠠᠨ ᠲᠣᠭᠲᠠᠭᠠᠭᠰᠠᠨ ᠢᠶᠠᠷ ᠄ ᠰᠤ** ᠲᠡᠷᠭᠡᠨ ᠡᠨᠳᠡᠯ ᠪᠥᠬᠦ ᠬᠠᠷᠢᠭᠤᠴᠠᠯᠭ᠎ᠠ ᠡᠭᠦᠷᠭᠡᠯᠡᠵᠦ᠂ ᠶᠠᠩ ᠤᠪᠤᠭᠲᠤ ᠬᠠᠷᠢᠭᠤᠴᠠᠯᠭ᠎ᠠ ᠡᠭᠦᠷᠭᠡᠯᠡᠬᠦ ᠦᠭᠡᠢ ᠃
ᠲᠡᠭᠡᠷ᠎ᠡ ᠶᠠᠷᠢᠭᠰᠠᠨ ᠪᠤᠳᠠᠳᠤ ᠶᠠᠪᠤᠳᠠᠯ ᠢ ᠨᠣᠲᠠᠯᠠᠬᠤ ᠭᠡᠷᠡᠴᠢ ᠪᠠᠷᠢᠮᠳᠠ ᠨᠢ ᠲᠤᠤᠷᠠᠬᠢ ᠮᠡᠳᠦ ᠄
ᠨᠢᠭᠡ᠂ ᠪᠢᠴᠢᠭᠭᠡᠷᠡᠴᠢ ᠄ ᠰᠤ** ᠡᠷᠤᠭᠡ ᠠᠮᠠ ᠵᠢᠨ ᠲᠠᠩᠰᠨ ᠭᠡᠷᠡᠴᠢ᠂ ᠵᠠᠮ ᠬᠠᠷᠢᠯᠴᠠᠭᠠᠨ ᠦ ᠡᠨᠳᠡᠯ ᠢ ᠮᠠᠭᠠᠳᠯᠠᠨ ᠲᠤᠭᠲᠠᠭᠠᠭᠰᠠᠨ ᠪᠢᠴᠢᠭ ᠵᠡᠷᠭᠡ ︔ ᠬᠤᠶᠠᠷ ᠂ ᠬᠤᠤᠷᠯᠠᠭᠳᠠᠭᠴᠢ ᠵᠢᠨ ᠲᠤᠭᠠᠴᠢᠯᠲᠠ᠄ ᠬᠤᠤᠷᠯᠠᠭᠳᠠᠭᠴᠢ ᠶᠠᠩ ᠤᠪᠤᠭᠲᠤ ᠵᠢᠨ ᠲᠤᠭᠠᠴᠢᠯᠳᠠ᠃ ᠭᠤᠷᠪᠠ᠂ ᠵᠠᠭᠠᠯᠳᠤᠭᠳᠠᠭᠴᠢ ᠵᠢᠨ ᠦᠴᠢᠭᠯᠡᠯ ᠪᠠ ᠵᠦᠪᠳᠡᠭᠡᠯᠳᠡ ᠄ ᠵᠠᠭᠠᠯᠳᠤᠭᠳᠠᠭᠴᠢ ᠰᠤ** ᠦᠴᠢᠭᠯᠡᠯ ᠪᠠ ᠵᠦᠪᠳᠡᠭᠡᠯᠳᠡ ︔ ᠳᠦᠷᠪᠡ᠂ ᠰᠢᠯᠭᠠᠨ ᠲᠤᠭᠳᠠᠭᠠᠯᠳᠠ ᠵᠢᠨ ᠰᠠᠨᠠᠯ ᠄ ᠴᠢᠰᠤᠨ ᠭᠡᠪ ᠳᠠᠬᠢ ᠰᠫᠢᠷᠲ ᠠᠭᠤᠯᠤᠭᠳᠠᠴᠠ ᠵᠢᠨ ᠰᠢᠯᠭᠠᠨ ᠪᠠᠶᠢᠴᠠᠭᠠᠭᠰᠠᠨ ᠮᠡᠳᠡᠭᠦᠯᠦᠯᠳᠠ ᠵᠢᠨ ᠰᠠᠨᠠᠯ ᠪᠢᠴᠢᠭ ᠵᠡᠷᠭᠡ ︔ ᠲᠠᠪᠤ᠂ ᠬᠠᠵᠢᠨ ᠰᠢᠯᠭᠠᠯᠳᠠ ᠂ ᠪᠠᠶᠢᠴᠠᠭᠠᠯᠳᠠ ᠲᠡᠮᠳᠡᠭᠯᠡᠯ ᠄ ᠭᠡᠷᠡᠭᠲᠤᠬᠠᠢ ᠵᠢᠨ ᠲᠠᠯᠠᠪᠠᠢ ᠵᠢᠨ ᠬᠠᠵᠢᠨ ᠪᠠᠶᠢᠴᠠᠭᠠᠯᠳᠠ ᠵᠢᠨ ᠲᠡᠮᠳᠡᠭᠯᠡᠯ ᠵᠡᠷᠭᠡ ︔ ᠵᠢᠷᠭᠤᠭ᠎ᠠ ᠂ ᠦᠵᠡᠵᠦ ᠰᠣᠨᠣᠰᠬᠤ ᠮᠠᠲ᠋ᠧᠷᠢᠶᠠᠯ ᠂ ᠡᠯᠧᠺᠲ᠋ᠷᠣᠨ ᠲᠣᠭ᠎ᠠ ᠪᠠᠷᠢᠮᠲᠠ ᠄ ᠰ** ᠴᠢᠰᠤᠨ ᠣ ᠭᠡᠪ ᠢ ᠠᠪᠤᠭᠰᠠᠨ ᠭᠡᠷᠡᠯᠯᠢᠭ ᠳ᠋ᠢᠰᠺ ᠵᠡᠷᠭᠡ ᠭᠡᠷᠡᠴᠢ ᠮᠠᠲᠸᠷᠢᠶᠠᠯ ᠭᠡᠷᠡᠭᠡᠪᠭᠡᠮᠡᠯ ᠳᠦ ᠭᠡᠷᠡᠴᠢᠯᠡᠵᠤ ᠪᠤᠢ᠃
ᠳᠡᠭᠡᠷᠡᠬᠢ ᠭᠡᠷᠡᠴᠢ ᠴᠤᠭᠯᠠᠭᠤᠯᠤᠭᠰᠠᠨ ᠳᠥᠷᠢᠮ ᠨᠢ ᠬᠠᠤᠯᠢ ᠳᠤ ᠨᠡᠶᠢᠴᠡᠵᠤ᠂ ᠠᠭᠤᠯᠭ᠎ᠠ ᠨᠢ ᠦᠨᠡᠨ ᠪᠤᠳᠠᠲᠠᠢ ᠂ ᠵᠠᠭᠠᠯᠳᠤᠭᠰᠠᠨ ᠪᠤᠳᠠᠲᠤ ᠤᠴᠢᠷ ᠢ ᠪᠥᠷᠢᠨ ᠭᠡᠷᠡᠴᠢᠯᠡᠵᠦ ᠳᠡᠶᠢᠯᠦᠨ᠎ᠡ᠃ ᠵᠠᠭᠠᠯᠳᠤᠭᠳᠠᠭᠴᠢ ᠰᠤ** ᠵᠠᠭᠠᠯᠳᠤᠭᠰᠠᠨ ᠶᠠᠯᠠᠲᠤ ᠬᠡᠷᠡᠭ ᠪᠠ ᠭᠡᠷᠡᠴᠢ ᠳᠦ ᠰᠠᠨᠠᠯ ᠦᠭᠡᠢ᠂ ᠰᠠᠵᠢᠨ ᠳᠤᠷ᠎ᠠ ᠡᠴᠡ ᠪᠠᠨ ᠶᠠᠯ᠎ᠠ ᠪᠠᠨ ᠮᠡᠳᠡᠷᠡᠵᠤ ᠰᠢᠢᠳᠬᠡᠯ ᠬᠦᠯᠢᠶᠡᠨ᠎ᠡ᠃
ᠮᠠᠨ ᠣ ᠬᠣᠷᠢᠶᠠᠨ ᠦᠵᠡᠬᠦ ᠪᠡᠷ ᠂ ᠵᠠᠭᠠᠯᠳᠤᠭᠳᠠᠭᠴᠢ ᠰᠤ** ᠰᠣᠭᠲᠣᠭᠤ ᠪᠠᠷ ᠮᠠᠰᠢᠨ ᠲᠡᠷᠭᠡ ᠵᠢᠯᠤᠭᠤᠳᠤᠨ ᠵᠠᠮ ᠳᠤ ᠭᠠᠷᠤᠭᠰᠠᠨ ᠪᠤᠯᠬᠤᠷ ᠂ ᠲᠡᠭᠦᠨ ᠦ ᠦᠢᠯᠡ ᠠᠵᠢᠯᠯᠠᠭ᠎ᠠ ᠨᠢ《ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰᠡᠷᠡᠭᠦᠦ ᠵᠢᠨ ᠬᠠᠤᠯᠢ 》 ᠵᠢᠨ ᠨᠢᠭᠡ ᠵᠠᠭᠤ ᠭᠤᠴᠢᠨ ᠭᠤᠷᠪᠠᠳᠤᠭᠠᠷ ᠵᠦᠢᠯ ᠨᠢᠭᠡᠨ ᠲᠣᠭᠲᠠᠭᠠᠯ ᠳ᠋ᠥ ᠬᠠᠯᠳᠠᠵᠤ ᠂ ᠶᠠᠯ᠎ᠠ ᠲᠤᠯᠠ ᠪᠠᠷ ᠲᠡᠭᠦᠨ ᠡᠴᠡ
ᠰᠤ** ᠰᠠᠵᠢᠨ ᠲᠤᠷ᠎ᠠ ᠠᠴᠠ ᠪᠠᠨ ᠦᠴᠢᠭᠯᠡᠨ ᠂ ᠶᠠᠯ᠎ᠠ ᠪᠡᠨ ᠮᠡᠳᠡᠷᠡᠵᠦ ᠰᠢᠢᠳᠬᠡᠯ ᠢ ᠬᠦᠯᠢᠶᠡᠭᠰᠡᠨ ᠵᠤᠷᠪᠤᠰ ᠬᠦᠨᠭᠭᠡᠨ ᠢᠶᠡᠷ ᠰᠢᠢᠳᠬᠡᠵᠤ ᠪᠣᠯᠤᠨ᠎ᠠ ᠃ ᠬᠡᠷᠡᠭᠳᠠᠷᠠᠭᠠ᠂ ᠰᠤ** ᠬᠤᠤᠷᠯᠠᠭᠳᠠᠭᠴᠢ ᠵᠢᠨ ᠬᠤᠬᠢᠷᠠᠯ ᠢ ᠲᠦᠯᠦᠵᠤ ᠠᠭᠤᠴᠢᠯᠠᠯ ᠢ ᠨᠢ ᠤᠯᠵᠠᠢ ᠃ ᠵᠠᠭᠠᠯᠳᠤᠭᠳᠠᠭᠴᠢ ᠰᠤ** ᠨᠢ ᠲᠤᠰ ᠭᠡᠷᠡᠭ ᠪᠥᠬᠦ ᠬᠠᠷᠢᠭᠤᠴᠠᠯᠭ᠎ᠠ ᠡᠭᠦᠷᠭᠡᠯᠡᠬᠦ ᠪᠤᠯᠬᠤᠷ ᠠᠷᠠᠳᠲᠡᠭᠡᠳᠤ ᠰᠢᠭᠦᠭᠦ ᠬᠤᠷᠢᠶ᠎ᠠ ᠂ ᠠᠷᠠᠳᠲᠡᠭᠡᠳᠤ ᠪᠠᠶᠢᠴᠠᠭᠠᠬᠤ ᠬᠤᠷᠢᠶ᠎ᠠ ᠂ ᠲᠤᠳᠤᠭᠠᠳᠤ ᠬᠠᠮᠠᠭᠠᠯᠠᠬᠤ ᠭᠡᠯᠳᠡᠰ︽ ᠰᠤᠭᠳᠤᠭᠤ ᠪᠠᠷ ᠮᠠᠰᠢᠨ ᠲᠡᠷᠭᠡ ᠵᠢᠯᠤᠭᠤᠳᠤᠭᠰᠠᠨ ᠡᠷᠡᠭᠦᠦ ᠵᠢᠨ ᠭᠡᠷᠡᠭ ᠢ ᠰᠢᠶᠳᠪᠦᠷᠢᠯᠡᠬᠦ ᠳᠦ ᠬᠠᠸᠯᠢ ᠴᠠᠭᠠᠵᠠ ᠬᠡᠷᠡᠭᠯᠡᠬᠦ ᠠᠰᠠᠭᠤᠳᠠᠯ ᠤᠳᠲᠤᠬᠠᠶ ᠰᠠᠨᠠᠯ︾ᠬᠤᠶᠠᠳᠤᠭᠠᠷ ᠵᠤᠷᠪᠤᠰᠨᠢᠭᠡᠳᠦᠭᠡᠷ ᠵᠤᠶᠢᠯ ᠂ ᠲᠠᠪᠤᠳᠤᠭᠠᠷ ᠵᠤᠶᠢᠯ᠂ ᠳᠤᠯᠤᠳᠤᠭᠠᠷ ᠵᠤᠶᠢᠯᠲᠤᠭᠳᠠᠭᠠᠯ ᠢ ᠦᠨᠳᠦᠰᠦᠯᠡᠵᠤ ᠂ ᠬᠠᠤᠯᠢ ᠳ᠋ᠥ ᠲᠤᠭᠳᠠᠭᠰᠠᠨ ᠡᠷᠡᠭᠦᠦ ᠵᠢᠨ ᠬᠤᠭᠤᠴᠠᠭ᠎ᠠ ᠲᠤᠳᠤᠷ᠎ᠠ ᠭᠦᠨᠳᠤ ᠪᠠᠷ ᠰᠢᠳᠭᠡᠪᠡᠯ ᠵᠤᠬᠢᠨ᠎ᠠ ᠃《 ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰᠡᠷᠡᠭᠦᠦ ᠵᠢᠨ ᠵᠠᠷᠭᠤ ᠵᠢᠨ ᠬᠠᠤᠯᠢ 》 ᠵᠢᠨ ᠵᠠᠭᠤ ᠳᠠᠯᠠᠨ ᠵᠢᠷᠭᠤᠳᠤᠭᠠᠷ ᠵᠦᠢᠯᠨᠢᠭᠡᠳᠦᠭᠡᠷ ᠵᠤᠷᠪᠤᠰᠲᠣᠭᠲᠠᠭᠠᠯ ᠢ ᠦᠨᠳᠦᠰᠦᠯᠡᠨ ᠂ ᠠᠯᠪᠠᠨ ᠵᠠᠭᠠᠯᠳᠤᠯᠭ᠎ᠠ ᠭᠠᠷᠭᠠᠪᠠ ᠃ ᠬᠠᠤᠯᠢ ᠶᠤᠰᠤᠭᠠᠷ ᠰᠢᠳᠬᠡᠬᠦ ᠪᠤᠯᠪᠠᠤ ᠃
ᠡᠭᠦᠨ ᠦ ᠲᠤᠯᠠ
ᠰᠦᠨᠢᠳ ᠪᠠᠷᠠᠭᠤᠨ ᠬᠤᠰᠢᠭᠤᠨ ᠠᠷᠠᠳᠰᠢᠬᠦᠬᠦ ᠬᠤᠷᠢᠶ᠎ᠠ
ᠪᠠᠶᠢᠴᠠᠭᠠᠭᠴᠢ ᠄ ᠰᠤᠶᠤᠯ
2020 ᠤᠨ 5ᠰᠠᠷ᠎ᠠ 19ᠡᠳᠦᠷ
ᠲᠠᠭᠠᠯᠳᠤᠭᠤᠯᠤᠯ ᠄
1. ᠵᠠᠭᠠᠯᠳᠤᠭᠳᠠᠭᠴᠢ ᠰᠤ** ᠤᠳᠤ ᠰᠠᠭᠤᠭ᠎ᠠ ᠭᠠᠵᠠᠷ ᠲᠤ ᠨᠢ ᠪᠠᠳᠤᠯᠠᠭ᠎ᠠ ᠠᠪᠴᠤ ᠰᠢᠭᠦᠯᠳᠡ ᠭᠦᠯᠢᠶᠡᠯᠭᠡᠵᠤ ᠪᠤᠢ᠃
2. ᠬᠡᠷᠡᠭᠡᠪᠬᠡᠮᠡᠯᠮᠠᠲᠸᠷᠢᠶᠠᠯ ᠪᠤᠯᠤᠨ ᠭᠡᠷᠡᠴᠢ ᠪᠠᠷᠢᠮᠳᠠ ᠪᠤᠳᠢ ᠃
3.《ᠶᠠᠯ᠎ᠠ ᠪᠠᠨ ᠮᠡᠳᠡᠷᠡᠨ ᠰᠢᠢᠳᠬᠡᠯ ᠢ ᠬᠦᠯᠢᠶᠡᠵᠦ ᠭᠡᠮᠰᠢᠨ ᠤᠬᠠᠭᠠᠷᠠᠬᠤ ᠪᠠᠲᠤᠯᠠᠭ᠎ᠠ ᠵᠢᠨ ᠪᠢᠴᠢᠭ 》ᠨᠢᠭᠡ ᠬᠤᠪᠢ ᠃
4. ᠵᠠᠭᠠᠯᠳᠤᠭᠳᠠᠭᠴᠢ᠂ ᠵᠢᠵᠢᠭᠦᠷᠯᠡᠭᠴᠢ ᠬᠠᠤᠯᠢᠴᠢ᠂ ᠬᠤᠤᠷᠯᠠᠭᠳᠠᠭᠴᠢ ᠵᠢᠨ ᠰᠠᠨᠠᠯ ᠢ ᠰᠤᠨᠤᠰᠤᠭᠰᠠᠨ ᠪᠢᠴᠢᠭ ᠲᠤᠰ ᠪᠦᠷᠢ ᠨᠢᠭᠡ ᠬᠤᠪᠢ᠃
5. ᠡᠷᠡᠭᠦᠦ ᠰᠢᠳᠬᠡᠯ ᠣᠨᠣᠭᠳᠠᠭᠤᠯᠬᠤ ᠰᠠᠨᠠᠭᠤᠯᠭ᠎ᠠ ᠵᠢᠨ ᠪᠢᠴᠢᠭ ᠨᠢᠭᠡ ᠬᠤᠪᠢ ᠃
6. ᠬᠡᠷᠡᠭ ᠢ ᠬᠢᠯᠪᠡᠷ ᠲᠠᠰᠤᠯᠬᠤ ᠵᠢᠷᠤᠮ ᠢ ᠭᠡᠷᠡᠭᠯᠡᠭᠦ ᠰᠠᠨᠠᠭᠤᠯᠭ᠎ᠠ ᠵᠢᠨ ᠪᠢᠴᠢᠭ ᠨᠢᠭᠡ ᠬᠤᠪᠢ ᠃