ᠥᠪᠥᠷ ᠮᠣᠩᠭᠣᠯᠪᠠᠶᠢᠴᠠᠭᠠᠬᠤ ᠪᠠᠶᠢᠭᠤᠯᠭ᠎ᠠ ᠬᠠᠸᠯᠢ ᠶᠣᠰᠣᠭᠠᠷ ᠮᠸᠩ ᡁᠢ ᠴᠢᠤᠸᠠᠨ ᠢ ᠪᠠᠷᠢᠪᠴᠢᠯᠠᠬᠤ ᠪᠠᠷ ᠲᠣᠭᠲᠠᠪᠠ
ᠥᠪᠥᠷ ᠮᠣᠩᠭᠣᠯᠥᠪᠡᠷᠲᠡᠭᠡᠨ ᠵᠠᠰᠠᠬᠤ ᠣᠷᠣᠨ ᠪᠤᠭᠤᠲᠤ ᠵᠢᠨ ᠪᠣᠯᠣᠳ ᠲᠡᠮᠦᠷ ( ᠪᠦᠯᠦᠭᠯᠡᠯ )ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠢᠨ ᠤᠤᠯᠨᠠᠮᠬᠣᠷᠢᠶᠠᠨ ᠳᠡᠳ᠋ ᠱᠦᠵᠢ ᠮᠸᠩ ᡁᠢ ᠴᠢᠤᠸᠠᠨ ( ᠳᠡᠳ᠋ ᠲᠢᠩᠬᠢᠮᠳᠡᠰ ) ᠬᠠᠬᠤᠤᠯᠢ ᠢᠳᠡᠭᠰᠡᠨ ᠰᠡᠵᠢᠭᠯᠡᠯᠲᠡᠢ ᠬᠡᠷᠡᠭ ᠢ ᠥᠪᠥᠷ ᠮᠣᠩᠭᠣᠯᠥᠪᠡᠷᠲᠡᠭᠡᠨ ᠵᠠᠰᠠᠬᠤ ᠣᠷᠣᠨ ᠬᠢᠨᠠᠨ ᠪᠠᠶᠢᠴᠠᠭᠠᠬᠤ ᠵᠥᠪᠯᠡᠯ ᠪᠠᠶᠢᠴᠠᠭᠠᠨ ᠳᠠᠭᠤᠰᠬᠠᠵᠤ ᠂ ᠪᠠᠶᠢᠴᠠᠭᠠᠬᠤ ᠪᠠᠶᠢᠭᠤᠯᠭ᠎ᠠ ᠳᠤ ᠵᠠᠭᠠᠯᠳᠤᠬᠤ ᠬᠢᠨᠠᠨ ᠪᠠᠶᠢᠴᠠᠭᠠᠯᠭᠠᠬᠤ ᠪᠠᠷ ᠰᠢᠯᠵᠢᠭᠦᠯᠦᠨ ᠬᠦᠷᠭᠡᠪᠡ ᠃ ᠥᠪᠥᠷ ᠮᠣᠩᠭᠣᠯᠥᠪᠡᠷᠲᠡᠭᠡᠨ ᠵᠠᠰᠠᠬᠤ ᠣᠷᠣᠨ ᠠᠷᠠᠳᠪᠠᠶᠢᠴᠠᠭᠠᠬᠤ ᠬᠣᠷᠢᠶ᠎ᠠ ᠬᠠᠷᠢᠶᠠᠯᠠᠯ ᠢ ᠵᠢᠭᠠᠨ ᠲᠤᠭᠲᠠᠭᠠᠬᠤ ᠪᠠᠷ ᠳᠠᠮᠵᠢᠨ᠂ ᠪᠠᠶᠠᠨᠨᠠᠭᠤᠷ ᠬᠣᠲᠠ ᠵᠢᠨ ᠠᠷᠠᠳᠪᠠᠶᠢᠴᠠᠭᠠᠬᠤ ᠬᠣᠷᠢᠶ᠎ᠠ ᠬᠢᠨᠠᠨ ᠪᠠᠶᠢᠴᠠᠭᠠᠵᠤ ᠵᠠᠭᠠᠯᠳᠤᠨ᠎ᠠ ᠃ ᠲᠦᠷᠦᠭᠦᠬᠡᠨ ᠂ ᠪᠠᠶᠠᠨᠨᠠᠭᠤᠷ ᠬᠣᠲᠠ ᠵᠢᠨ ᠠᠷᠠᠳᠪᠠᠶᠢᠴᠠᠭᠠᠬᠤ ᠬᠣᠷᠢᠶ᠎ᠠ ᠬᠠᠸᠯᠢ ᠶᠣᠰᠣᠭᠠᠷ ᠬᠠᠬᠤᠤᠯᠢ ᠢᠳᠡᠭᠰᠡᠨ ᠶᠠᠯ᠎ᠠ ᠪᠠᠷ ᠮᠸᠩ ᡁᠢ ᠴᠢᠤᠸᠠᠨ ᠢ ᠪᠠᠷᠢᠪᠴᠢᠯᠠᠬᠤ ᠲᠣᠭᠲᠠᠭᠠᠯ ᠭᠠᠷᠭᠠᠪᠠ ᠃ ᠲᠣᠰ ᠬᠡᠷᠡᠭ ᠢ ᠶᠠᠭ ᠤᠯᠠᠮ ᠨᠢᠭᠡ ᠠᠯᠬᠤᠮ ᠰᠢᠶᠳᠪᠦᠷᠢᠯᠡᠵᠦ ᠪᠠᠢᠨ᠎ᠠ ᠃