ᠥᠪᠥᠷ ᠮᠣᠩᠭᠣᠯᠪᠠᠶᠢᠴᠠᠭᠠᠬᠤ ᠪᠠᠶᠢᠭᠤᠯᠭ᠎ᠠ ᠰᠠᠵᠢᠨᠴᠡᠩᠭᠡᠯᠱᠠᠮᠰᠢᠭᠰᠠᠨ ᠂ ᠬᠠᠬᠤᠤᠯᠢ ᠢᠳᠡᠭᠰᠡᠨ ᠬᠡᠷᠡᠭ ᠲᠦ ᠬᠠᠸᠯᠢ ᠶᠣᠰᠣᠭᠠᠷ ᠠᠯᠪᠠᠨ ᠵᠠᠭᠠᠯᠳᠤᠯᠭ᠎ᠠ ᠭᠠᠷᠭᠠᠪᠠ
ᠲᠦᠷᠦᠭᠦᠬᠡᠨ ᠂ ᠥᠪᠥᠷ ᠮᠣᠩᠭᠣᠯᠥᠪᠡᠷᠲᠡᠭᠡᠨ ᠵᠠᠰᠠᠬᠤ ᠣᠷᠣᠨ ᠬᠥᠬᠡᠬᠣᠲᠠ ᠵᠢᠨ ᠵᠠᠰᠠᠭᠣᠷᠳᠣᠨ ᠨᠠᠮᠤᠳᠤᠷᠢᠳᠬᠤ ᠳᠤᠭᠤᠶᠢᠯᠠᠩᠤᠸᠯᠪᠦᠷᠢᠯᠳᠦᠬᠦᠨ ᠂ ᠬᠣᠲᠠ ᠵᠢᠨ ᠳᠡᠳ᠋ ᠳᠠᠷᠤᠭ᠎ᠠ ᠰᠠᠵᠢᠨᠴᠡᠩᠭᠡᠯ︵ ᠳᠡᠳ᠋ ᠲᠢᠩᠬᠢᠮᠲᠠᠰ ︶ᠱᠠᠮᠰᠢᠭᠰᠠᠨ ᠶᠠᠯ᠎ᠠ ᠂ ᠬᠠᠬᠤᠤᠯᠢ ᠢᠳᠡᠭᠰᠡᠨ ᠶᠠᠯ᠎ᠠ ᠬᠢᠭᠰᠡᠨ ᠢᠶᠡᠷ ᠰᠡᠵᠢᠭᠯᠡᠭᠳᠡᠭᠰᠡᠨ ᠬᠡᠷᠡᠭ ᠢ ᠥᠪᠥᠷ ᠮᠣᠩᠭᠣᠯᠥᠪᠡᠷᠲᠡᠭᠡᠨ ᠵᠠᠰᠠᠬᠤ ᠣᠷᠣᠨ ᠠᠷᠠᠳᠪᠠᠶᠢᠴᠠᠭᠠᠬᠤ ᠬᠣᠷᠢᠶ᠎ᠠ ᠲᠤᠰᠢᠶᠠᠨ ᠰᠢᠢᠳᠪᠦᠷᠢᠯᠡᠭᠦᠯᠵᠦ᠂ ᠬᠥᠯᠥᠨ ᠪᠣᠶᠢᠷ ᠬᠣᠲᠠ ᠵᠢᠨ ᠠᠷᠠᠳᠪᠠᠶᠢᠴᠠᠭᠠᠬᠤ ᠬᠣᠷᠢᠶ᠎ᠠ ᠠᠴᠠ ᠬᠥᠯᠥᠨ ᠪᠣᠶᠢᠷ ᠬᠣᠲᠠ ᠵᠢᠨ ᠠᠷᠠᠳᠳᠤᠮᠳᠠᠲᠦ ᠵᠡᠷᠭᠡ ᠵᠢᠨ ᠰᠢᠭᠦᠬᠦ ᠬᠣᠷᠢᠶ᠎ᠠ ᠳᠤ ᠠᠯᠪᠠᠨ ᠵᠠᠭᠠᠯᠳᠤᠯᠭ᠎ᠠ ᠭᠠᠷᠭᠠᠪᠠ᠃
ᠪᠠᠶᠢᠴᠠᠭᠠᠬᠤ ᠪᠠᠶᠢᠭᠤᠯᠭ᠎ᠠ ᠬᠢᠨᠠᠨ ᠪᠠᠶᠢᠴᠠᠭᠠᠵᠤ ᠵᠠᠭᠠᠯᠳᠤᠬᠤ ᠱᠠᠲᠤᠨ ᠳᠤ ᠂ ᠵᠠᠭᠠᠯᠳᠤᠭᠳᠠᠭᠴᠢ ᠰᠠᠵᠢᠨᠴᠡᠩᠭᠡᠯᠡᠳ᠋ᠯᠡᠬᠦ ᠵᠠᠷᠭᠤᠯᠳᠤᠬᠤ ᠡᠷᠬᠡ ᠬᠠᠤᠯᠢ ᠶᠣᠰᠣᠭᠠᠷ ᠮᠡᠳᠡᠭᠳᠡᠭᠰᠡᠨ ᠪᠥᠭᠡᠳ ᠵᠠᠭᠠᠯᠳᠤᠭᠳᠠᠭᠴᠢ ᠠᠴᠠ ᠬᠠᠤᠯᠢ ᠶᠣᠰᠣᠭᠠᠷ ᠰᠢᠭᠦᠨ ᠠᠰᠠᠭᠤᠵᠤ ᠂ ᠥᠮᠥᠭᠯᠡᠭᠴᠢ ᠵᠢᠨ ᠰᠠᠨᠠᠯ ᠢ ᠰᠣᠨᠣᠰᠴᠠᠶ ᠃ ᠬᠥᠯᠥᠨ ᠪᠣᠶᠢᠷ ᠬᠣᠲᠠ ᠵᠢᠨ ᠠᠷᠠᠳᠪᠠᠶᠢᠴᠠᠭᠠᠬᠤ ᠬᠣᠷᠢᠶ᠎ᠠ ᠵᠠᠭᠠᠯᠳᠤᠭᠰᠠᠨ ᠨᠢ ᠄ ᠵᠠᠭᠠᠯᠳᠤᠭᠳᠠᠭᠴᠢ ᠰᠠᠵᠢᠨᠴᠡᠩᠭᠡᠯ ᠬᠥᠬᠡᠬᠣᠲᠠ ᠵᠢᠨ ᠰᠢᠨ᠎ᠡ ᠬᠣᠲᠠ ᠲᠣᠭᠣᠷᠢᠭᠨᠠᠮᠬᠣᠷᠢᠶᠠᠨ ᠳᠡᠳ᠋ ᠱᠦᠵᠢ ᠂ ᠳᠡᠳ᠋ ᠳᠠᠷᠤᠭ᠎ᠠ ᠵᠢᠨ ᠲᠤᠰᠢᠶᠠᠯ ᠢ ᠡᠭᠦᠷᠭᠡᠯᠡᠬᠦ ᠳᠥᠭᠥᠮ ᠨᠥᠬᠥᠴᠡᠯ ᠢᠶᠡᠨ ᠠᠰᠢᠭᠯᠠᠵᠤ ᠂ ᠪᠤᠰᠤᠳ ᠲᠠᠶ ᠬᠠᠮᠰᠠᠨ ᠨᠡᠶᠢᠲᠡ ᠵᠢᠨ ᠡᠳ᠋ ᠮᠦᠩᠭᠦ ᠬᠠᠸᠯᠢ ᠪᠤᠰᠤ ᠪᠠᠷ ᠡᠵᠡᠮᠰᠢᠭᠰᠡᠨ ᠲᠣᠭ᠎ᠠ ᠬᠡᠮᠵᠢᠶ᠎ᠡ ᠨᠢ ᠣᠨᠴᠠᠭᠠᠶ ᠯᠤᠲᠤ ᠶᠡᠬᠡ ︔ ᠬᠦᠬᠡᠬᠤᠲᠡ ᠵᠢᠨ ᠰᠢᠨ᠎ᠡ ᠬᠣᠲᠠ ᠲᠣᠭᠣᠷᠢᠭ ᠤᠨ ᠳᠡᠳ᠋ ᠳᠠᠷᠤᠭ᠎ᠠ ᠂ ᠬᠦᠬᠡᠬᠤᠲᠡ ᠵᠢᠨ ᠭᠠᠵᠠᠷ ᠰᠢᠷᠣᠶ ᠬᠤᠳᠠᠯᠳᠤᠨ ᠠᠪᠬᠤ ᠨᠥᠭᠡᠴᠡᠯᠡᠬᠦ ᠦᠨ᠎ᠡ ᠬᠠᠶᠠᠯᠴᠠᠨ ᠬᠤᠳᠠᠯᠳᠤᠬᠤ ᠲᠥᠪᠡᠷᠬᠢᠯᠡᠭᠴᠢ ᠂ ᠬᠦᠬᠡᠬᠤᠲᠡ ᠵᠢᠨ ᠬᠣᠲᠣᠩ ᠠᠷᠠᠳᠲᠣᠭᠣᠷᠢᠭᠨᠠᠮᠬᠣᠷᠢᠶᠠ ᠵᠢᠨ ᠳᠡᠳ᠋ ᠱᠦᠵᠢ ᠂ ᠲᠤᠭᠤᠷᠢᠭ ᠤᠨ ᠳᠡᠳ᠋ ᠳᠠᠷᠤᠭ᠎ᠠ ᠂ ᠬᠣᠲᠣᠩ ᠠᠷᠠᠳᠲᠣᠭᠣᠷᠢᠭᠨᠠᠮᠬᠣᠷᠢᠶᠠᠨ ᠱᠦᠵᠢ ᠵᠡᠷᠭᠡ ᠲᠤᠰᠢᠶᠠᠯᠳᠥᠭᠥᠮ ᠢᠶᠡᠨ ᠠᠰᠢᠭᠯᠠᠨ ᠪᠤᠰᠤᠳᠡᠳ᠋ ᠮᠥᠩᠭᠥ ᠬᠠᠸᠯᠢ ᠪᠤᠰᠤ ᠪᠠᠷ ᠬᠦᠯᠢᠶᠡᠨ ᠠᠪᠴᠤ᠂ ᠪᠤᠰᠤᠳ ᠲᠤ ᠠᠰᠢᠭ ᠲᠤᠰᠠ ᠣᠯᠭᠣᠭᠰᠠᠨ ᠲᠣᠭ᠎ᠠ ᠬᠡᠮᠵᠢᠶ᠎ᠡ ᠨᠢ ᠯᠤᠲᠤ ᠶᠡᠬᠡ ᠪᠣᠯᠬᠣᠷ ᠬᠠᠸᠯᠢ ᠶᠣᠰᠣᠭᠠᠷ ᠱᠠᠮᠰᠢᠭᠰᠠᠨ ᠶᠠᠯ᠎ᠠ᠂ ᠬᠠᠬᠤᠤᠯᠢ ᠢᠳᠡᠭᠰᠡᠨ ᠶᠠᠯ᠎ᠠ ᠪᠠᠷ ᠡᠷᠡᠭᠦᠸ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃