ᠥᠪᠥᠷ ᠮᠣᠩᠭᠣᠯᠪᠠᠶᠢᠴᠠᠭᠠᠬᠤ ᠪᠠᠶᠢᠭᠤᠯᠭ᠎ᠠ ᠬᠤᠸ ᠱᠧᠩ ᠹᠠ ᠬᠠᠸᠯᠢ ᠶᠣᠰᠣᠭᠠᠷ ᠪᠠᠷᠢᠪᠴᠢᠯᠠᠬᠤ ᠪᠠᠷ ᠲᠣᠭᠲᠠᠪᠠ
ᠥᠪᠥᠷ ᠮᠣᠩᠭᠣᠯᠨᠡᠭᠦᠷᠡᠰᠦᠨ ᠦ ᠭᠠᠵᠠᠷ ᠰᠢᠨᠵᠢᠯᠡᠭᠡᠨ ᠦ ᠬᠠᠵᠢᠨ ᠪᠠᠶᠢᠴᠠᠭᠠᠯᠲᠠ ( ᠪᠦᠯᠦᠭᠯᠡᠯ ) ᠵᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠢᠨ ᠤᠤᠯᠨᠠᠮᠬᠣᠷᠢᠶᠠᠨ ᠱᠦᠵᠢ ᠂ ᠶᠡᠷᠦᠩᠬᠡᠶ ᠳᠠᠭᠠᠭᠠᠮᠠᠯ ᠬᠤᠤ ᠱᠧᠩ ᠹᠠ ( ᠳᠡᠳ᠋ ᠲᠢᠩᠬᠢᠮ ᠤᠨ ᠳᠡᠰ ) ᠦᠨ ᠱᠠᠮᠰᠢᠭᠰᠠᠨ ᠂ ᠬᠠᠬᠤᠤᠯᠢ ᠢᠳᠡᠭᠰᠡᠨ ᠂ ᠨᠢᠭᠡᠴᠢ ᠬᠡᠭᠡᠯᠢ ᠲᠦᠯᠬᠢᠭᠰᠡᠨ ᠂ ᠤᠯᠤᠰ ᠦᠮᠴᠢᠯᠡᠯᠲᠦ ᠺᠣᠮᠫᠠᠨᠢ ᠵᠢᠨ ᠠᠵᠢᠯᠲᠠᠨ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ ᠰᠡᠵᠢᠭᠯᠡᠯᠲᠡᠢ ᠬᠡᠷᠡᠭ ᠢ ᠥᠪᠥᠷ ᠮᠣᠩᠭᠣᠯᠥᠪᠡᠷᠲᠡᠭᠡᠨ ᠵᠠᠰᠠᠬᠤ ᠣᠷᠣᠨ ᠬᠢᠨᠠᠨ ᠪᠠᠶᠢᠴᠠᠭᠠᠬᠤ ᠵᠥᠪᠯᠡᠯ ᠪᠠᠶᠢᠴᠠᠭᠠᠨ ᠳᠠᠭᠤᠰᠬᠠᠵᠤ ᠂ ᠪᠠᠶᠢᠴᠠᠭᠠᠬᠤ ᠪᠠᠶᠢᠭᠤᠯᠭ᠎ᠠ ᠳᠤ ᠵᠠᠭᠠᠯᠳᠤᠬᠤ ᠬᠢᠨᠠᠨ ᠪᠠᠶᠢᠴᠠᠭᠠᠯᠭᠠᠬᠤ ᠪᠠᠷ ᠰᠢᠯᠵᠢᠭᠦᠯᠦᠨ ᠬᠦᠷᠭᠡᠪᠡ ᠃ ᠥᠪᠥᠷ ᠮᠣᠩᠭᠣᠯᠥᠪᠡᠷᠲᠡᠭᠡᠨ ᠵᠠᠰᠠᠬᠤ ᠣᠷᠣᠨ ᠠᠷᠠᠳᠪᠠᠶᠢᠴᠠᠭᠠᠬᠤ ᠬᠣᠷᠢᠶ᠎ᠠ ᠬᠠᠷᠢᠶᠠᠯᠠᠯ ᠢ ᠵᠢᠭᠠᠨ ᠲᠣᠭᠲᠠᠭᠠᠭᠠᠳ ᠲᠦᠩᠯᠢᠶᠣᠤ ᠬᠣᠲᠠ ᠵᠢᠨ ᠠᠷᠠᠳᠪᠠᠶᠢᠴᠠᠭᠠᠬᠤ ᠬᠣᠷᠢᠶ᠎ᠠ ᠬᠢᠨᠠᠨ ᠪᠠᠶᠢᠴᠠᠭᠠᠵᠤ ᠵᠠᠭᠠᠯᠳᠤᠨ᠎ᠠ ᠃ ᠲᠦᠷᠦᠭᠦᠬᠡᠨ ᠂ ᠲᠦᠩᠯᠢᠶᠣᠤ ᠬᠣᠲᠠ ᠵᠢᠨ ᠠᠷᠠᠳᠪᠠᠶᠢᠴᠠᠭᠠᠬᠤ ᠬᠣᠷᠢᠶ᠎ᠠ ᠱᠠᠮᠰᠢᠭᠰᠠᠨ ᠶᠠᠯ᠎ᠠ ᠂ ᠬᠠᠬᠤᠥᠯᠢ ᠢᠳᠡᠭᠰᠡᠨ ᠶᠠᠯ᠎ᠠ ᠂ ᠨᠢᠭᠡᠴᠡ ᠬᠠᠬᠤᠸᠯᠢ ᠲᠦᠯᠬᠢᠭᠰᠡᠨ ᠶᠠᠯ᠎ᠠ ᠂ ᠤᠯᠤᠰᠦᠮᠴᠢᠯᠡᠯᠲᠦ ᠺᠣᠮᠫᠠᠨᠢ ᠵᠢᠨ ᠠᠵᠢᠯᠲᠠᠨ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ ᠶᠠᠯ᠎ᠠ ᠪᠠᠷ ᠬᠤᠸ ᠱᠧᠩ ᠹᠠ ᠬᠠᠸᠯᠢ ᠶᠣᠰᠣᠭᠠᠷ ᠪᠠᠷᠢᠪᠴᠢᠯᠠᠬᠤ ᠲᠣᠭᠲᠠᠭᠠᠯ ᠭᠠᠷᠭᠠᠪᠠ ᠃ ᠲᠣᠰ ᠬᠡᠷᠡᠭ ᠢ ᠶᠠᠭ ᠤᠯᠠᠮ ᠨᠢᠭᠡ ᠠᠯᠬᠤᠮ ᠰᠢᠶᠳᠪᠦᠷᠢᠯᠡᠵᠦ ᠪᠠᠢᠨ᠎ᠠ ᠃