ᠥᠪᠥᠷ ᠮᠣᠩᠭᠣᠯᠪᠠᠶᠢᠴᠠᠭᠠᠬᠤ ᠪᠠᠶᠢᠭᠤᠯᠭ᠎ᠠ ᠬᠠᠸᠯᠢ ᠶᠣᠰᠣᠭᠠᠷ ᠶᠠᠩ ᠶᠦᠩ ᠺᠤᠸᠠᠨ ᠢ ᠪᠠᠷᠢᠪᠴᠢᠯᠠᠬᠤ ᠪᠠᠷ ᠲᠣᠭᠲᠠᠪᠠ
ᠥᠪᠥᠷ ᠮᠣᠩᠭᠣᠯᠭᠠᠵᠠᠷ ᠰᠢᠨᠵᠢᠯᠡᠭᠡ ᠠᠭᠤᠷᠬᠠᠢ ᠵᠢᠨ ᠭᠠᠷᠤᠯᠲᠠ ( ᠪᠦᠯᠦᠭᠯᠡᠯ ) ᠵᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠢᠨ ᠤᠤᠯᠬᠡᠷᠡᠭ ᠮᠡᠳᠡᠭᠴᠢᠳᠳᠠᠷᠤᠭᠠ ᠂ ᠥᠪᠥᠷ ᠮᠣᠩᠭᠣᠯᠭᠠᠵᠠᠷ ᠰᠢᠨᠵᠢᠯᠡᠭᠡ ᠠᠭᠤᠷᠬᠠᠢ ᠵᠢᠨ ᠭᠠᠷᠤᠯᠲᠠ ᠬᠠᠵᠢᠨ ᠪᠠᠶᠢᠴᠠᠭᠠᠵᠤ ᠨᠡᠭᠡᠭᠡᠨ ᠠᠰᠢᠭᠯᠠᠬᠤ ᠲᠣᠪᠴᠢᠶ᠎ᠠ ᠵᠢᠨ ᠤᠤᠯᠳᠠᠷᠤᠭᠠ ᠶᠠᠩ ᠶᠦᠩ ᠺᠤᠸᠠᠨ ( ᠵᠢᠩᠬᠢᠨᠢ ᠲᠢᠩᠬᠢᠮ ᠣᠨ ᠳᠡᠰ ) ᠬᠠᠬᠤᠥᠯᠢ ᠢᠳᠡᠭᠰᠡᠨ ᠂ ᠱᠠᠮᠰᠢᠭᠰᠠᠨ ᠂ ᠤᠯᠤᠰ ᠦᠮᠴᠢᠯᠡᠯᠲᠦ ᠺᠣᠮᠫᠠᠨᠢ ᠂ ᠠᠵᠢᠯ ᠦᠢᠯᠡᠰᠨᠢᠭᠡᠴᠡ ᠵᠢᠨ ᠠᠵᠢᠯᠲᠠᠨ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ ᠰᠡᠵᠢᠭᠯᠡᠯᠲᠡᠢ ᠬᠡᠷᠡᠭ ᠢ ᠥᠪᠥᠷ ᠮᠣᠩᠭᠣᠯᠥᠪᠡᠷᠲᠡᠭᠡᠨ ᠵᠠᠰᠠᠬᠤ ᠣᠷᠣᠨ ᠬᠢᠨᠠᠨ ᠪᠠᠶᠢᠴᠠᠭᠠᠬᠤ ᠵᠥᠪᠯᠡᠯ ᠪᠠᠶᠢᠴᠠᠭᠠᠨ ᠳᠠᠭᠤᠰᠬᠠᠵᠤ ᠂ ᠪᠠᠶᠢᠴᠠᠭᠠᠬᠤ ᠪᠠᠶᠢᠭᠤᠯᠭ᠎ᠠ ᠳᠤ ᠵᠠᠭᠠᠯᠳᠤᠬᠤ ᠶᠢ ᠬᠢᠨᠠᠨ ᠪᠠᠶᠢᠴᠠᠭᠠᠯᠭᠠᠬᠤ ᠪᠠᠷ ᠰᠢᠯᠵᠢᠭᠦᠯᠦᠨ ᠬᠦᠷᠭᠡᠪᠡ ᠃ ᠥᠪᠥᠷ ᠮᠣᠩᠭᠣᠯᠥᠪᠡᠷᠲᠡᠭᠡᠨ ᠵᠠᠰᠠᠬᠤ ᠣᠷᠣᠨ ᠠᠷᠠᠳᠪᠠᠶᠢᠴᠠᠭᠠᠬᠤ ᠬᠣᠷᠢᠶ᠎ᠠ ᠬᠠᠷᠢᠶᠠᠯᠠᠯ ᠢ ᠵᠢᠭᠠᠨ ᠲᠣᠭᠲᠠᠭᠠᠭᠠᠳ ᠪᠤᠭᠤᠲᠤ ᠬᠣᠲᠠ ᠵᠢᠨ ᠠᠷᠠᠳᠪᠠᠶᠢᠴᠠᠭᠠᠬᠤ ᠬᠣᠷᠢᠶ᠎ᠠ ᠵᠠᠭᠠᠯᠳᠤᠬᠤ ᠬᠢᠨᠠᠨ ᠪᠠᠶᠢᠴᠠᠭᠠᠨ᠎ᠠ ᠃ ᠲᠦᠷᠦᠭᠦᠬᠡᠨ ᠂ ᠪᠤᠭᠤᠲᠤ ᠬᠣᠲᠠ ᠵᠢᠨ ᠠᠷᠠᠳᠪᠠᠶᠢᠴᠠᠭᠠᠬᠤ ᠬᠣᠷᠢᠶ᠎ᠠ ᠬᠠᠸᠯᠢ ᠶᠣᠰᠣᠭᠠᠷ ᠬᠠᠬᠤᠥᠯᠢ ᠢᠳᠡᠭᠰᠡᠨ ᠶᠠᠯ᠎ᠠ ᠂ ᠱᠠᠮᠰᠢᠭᠰᠠᠨ ᠶᠠᠯ᠎ᠠ ᠂ ᠤᠯᠤᠰ ᠦᠮᠴᠢᠯᠡᠯᠲᠦ ᠺᠣᠮᠫᠠᠨᠢ ᠂ ᠠᠵᠢᠯ ᠦᠶᠯᠡᠰᠨᠢᠭᠡᠴᠡ ᠵᠢᠨ ᠠᠵᠢᠯᠲᠠᠨ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ ᠶᠠᠯ᠎ᠠ ᠪᠠᠷ ᠶᠠᠩ ᠶᠦᠩ ᠺᠤᠸᠠᠨ ᠢ ᠪᠠᠷᠢᠪᠴᠢᠯᠠᠬᠤ ᠲᠣᠭᠲᠠᠭᠠᠯ ᠭᠠᠷᠭᠠᠪᠠ ᠃ ᠲᠣᠰ ᠬᠡᠷᠡᠭ ᠢ ᠶᠠᠭ ᠤᠯᠠᠮ ᠨᠢᠭᠡ ᠠᠯᠬᠤᠮ ᠰᠢᠶᠳᠪᠦᠷᠢᠯᠡᠵᠦ ᠪᠠᠢᠨ᠎ᠠ ᠃