ᠥᠪᠥᠷ ᠮᠣᠩᠭᠣᠯ  内蒙古

ᠥᠪᠥᠷ ᠮᠣᠩᠭᠣᠯᠥᠪᠡᠷᠲᠡᠭᠡᠨ ᠵᠠᠰᠠᠬᠤ ᠣᠷᠣᠨ  ᠠᠷᠠᠳᠪᠠᠶᠢᠴᠠᠭᠠᠬᠤ ᠬᠣᠷᠢᠶ᠎ᠠ ᠵᠢᠨ ᠡᠷᠡᠭᠦᠸ ᠵᠢᠨ ᠬᠡᠷᠡᠭᠭᠣᠮᠣᠳᠠᠯ ᠲᠣᠭᠠᠴᠢᠯᠲᠠ  ᠳᠠᠬᠢᠨ ᠪᠠᠶᠢᠴᠠᠭᠠᠬᠤ ᠲᠣᠭᠲᠠᠭᠠᠯᠪᠢᠴᠢᠭ

2020-12-23 14:41:24

  ᠥᠪᠥᠷ ᠮᠣᠩᠭᠣᠯᠥᠪᠡᠷᠲᠡᠭᠡᠨ ᠵᠠᠰᠠᠬᠤ ᠣᠷᠣᠨ  ᠠᠷᠠᠳ ᠤᠨ  ᠪᠠᠶᠢᠴᠠᠭᠠᠬᠤ ᠬᠣᠷᠢᠶ᠎ᠠ ᠵᠢᠨ ᠡᠷᠡᠭᠦᠸ ᠵᠢᠨ ᠬᠡᠷᠡᠭᠭᠣᠮᠣᠳᠠᠯ ᠲᠣᠭᠠᠴᠢᠯᠲᠠ  ᠳᠠᠬᠢᠨ ᠪᠠᠶᠢᠴᠠᠭᠠᠬᠤ ᠲᠣᠭᠲᠠᠭᠠᠯᠪᠢᠴᠢᠭ

                                 ᠥᠪᠥᠷ ᠪᠠᠶᠢᠴᠠᠭᠠᠬᠤ ᠡᠷᠡᠭᠦᠦ ᠭᠤᠮᠤᠳᠠᠯ ᠳᠠᠬᠢᠨ ᠲᠤᠭᠲᠠᠭᠠᠯ ﹇2020﹈1 ᠳ᠋ᠦ᠋ᠭᠡᠷ ᠲᠣᠭᠠᠲᠤ

ᠭᠣᠮᠣᠳᠠᠯ ᠲᠣᠭᠠᠴᠢᠭᠴᠢ ᠭᠤᠤ ᠣᠪᠣᠭᠲᠤ ᠂ ᠡᠷᠡᠭᠲᠡᠶ ᠂ 1970  ᠤᠨ  ×× ᠰᠠᠷ᠎ᠠ  ᠵᠢᠨ ××   ᠡᠳᠦᠷ ᠲᠥᠷᠥᠵᠡᠢ ᠂ ᠪᠡᠶ᠎ᠡ ᠵᠢᠨ ᠦᠨᠡᠮᠯᠡᠯᠨᠣᠮᠧᠷ 1525021970×××× ᠂ ᠬᠢᠲᠠᠳ ᠦᠨᠳᠦᠰᠦᠲᠡᠨ ᠂ ᠰᠢᠯᠤᠭᠤᠨ ᠬᠥᠪᠡᠭᠡᠲᠦ ᠴᠠᠭᠠᠨ ᠬᠣᠰᠢᠭᠤᠨ  ×× ᠭᠡᠷ ᠪᠠᠶᠢᠰᠢᠩ ᠭᠠᠵᠠᠷ ᠬᠥᠷᠥᠩᠭᠡ ᠨᠡᠭᠡᠭᠡᠨ ᠬᠦᠭᠵᠢᠭᠦᠯᠬᠦ ᠺᠣᠮᠫᠠᠨᠢ ᠵᠢᠨ ᠲᠠᠶᠢᠹᠦᠰᠸ ᠬᠣᠰᠢᠭᠤᠨ  ᠬᠤᠪᠢᠶᠠᠷᠢ ᠺᠣᠮᠫᠠᠨᠢ ××᠂ ᠣᠳᠣᠬᠠᠨ ᠳᠤ ᠰᠢᠯᠢᠩᠬᠣᠲᠠ ᠵᠢᠨ ×× ᠠᠵᠤ ᠦᠶᠯᠡᠳᠪᠦᠷᠢ ᠵᠢᠨ ᠲᠣᠭᠣᠷᠢᠭ ᠲᠤ ᠰᠠᠭᠤᠵᠤ ᠪᠠᠵᠢᠨ᠎ᠠ ᠃

ᠭᠣᠮᠣᠳᠠᠯ ᠲᠣᠭᠠᠴᠢᠭᠴᠢ ᠹᠠᠨ ᠤᠪᠤᠭᠲᠤ ᠬᠤᠶᠠᠳᠣᠭᠠᠷ ᠂ ᠡᠷᠡᠭᠲᠡᠶ ᠂ 1965  ᠤᠨ  ×× ᠰᠠᠷ᠎ᠠ ××ᠡᠳᠦᠷ ᠲᠥᠷᠥᠵᠡᠢ ᠂ ᠪᠡᠶ᠎ᠡ ᠵᠢᠨ ᠦᠨᠡᠮᠯᠡᠯᠨᠣᠮᠧᠷ 1525291965 ×××× ᠂ ᠬᠢᠲᠠᠳ ᠦᠨᠳᠦᠰᠦᠲᠡᠨ ᠂ ᠰᠢᠯᠤᠭᠤᠨ ᠬᠥᠪᠡᠭᠡᠲᠦ ᠴᠠᠭᠠᠨ ᠬᠣᠰᠢᠭᠤᠨ ×× ᠭᠡᠷ ᠪᠠᠶᠢᠰᠢᠩ ᠭᠠᠵᠠᠷ ᠬᠥᠷᠥᠩᠭᠡ ᠨᠡᠭᠡᠭᠡᠨ ᠬᠦᠭᠵᠢᠭᠦᠯᠬᠦ ᠺᠣᠮᠫᠠᠨᠢ ᠵᠢᠨ ᠲᠠᠶᠢᠹᠦᠰᠸ ᠬᠣᠰᠢᠭᠤᠨ  ᠬᠤᠪᠢᠶᠠᠷᠢ ᠺᠣᠮᠫᠠᠨᠢ ×× ᠂ ᠣᠳᠣ ᠰᠢᠯᠤᠭᠤᠨ ᠬᠥᠪᠡᠭᠡᠲᠦ ᠴᠠᠭᠠᠨ ᠬᠣᠰᠢᠭᠤᠨ  ×× ᠪᠠᠯᠭᠠᠰᠤᠨ  ×× ᠪᠠᠭᠤᠳᠠᠯ ᠳᠤ ᠰᠠᠭᠤᠵᠤ ᠪᠠᠵᠢᠨ᠎ᠠ ᠃

ᠣᠷᠣᠯᠠᠭᠴᠢ ᠵᠠᠩ ᠣᠪᠣᠭᠲᠤ ᠂ ᠪᠡᠭᠡᠵᠢᠩ ᠬᠣᠲᠠ ᠵᠢᠨ ᠬᠠᠢ ᠴᠤᠸᠠᠩ ᠬᠠᠤᠯᠢᠴᠢ ᠵᠢᠨ ᠬᠡᠷᠡᠭ ᠡᠷᠬᠢᠯᠡᠬᠦ ᠭᠠᠵᠠᠷᠬᠠᠤᠯᠢᠴᠢ᠃

ᠤᠤᠯ ᠬᠡᠷᠡᠭ ᠥᠯᠥ ᠵᠠᠭᠠᠯᠳᠤᠭᠳᠠᠭᠴᠢ ᠯᠢ ᠣᠪᠣᠭᠲᠤ ᠂ ᠡᠷᠡᠭᠲᠡᠶ ᠂ 1968 ᠣᠨ  ×× ᠰᠠᠷ᠎ᠠ ᠵᠢᠨ ×× ᠡᠳᠦᠷ ᠲᠥᠷᠥᠵᠡᠢ ᠂ ᠪᠡᠶ᠎ᠡ ᠵᠢᠨ ᠦᠨᠡᠮᠯᠡᠯᠨᠣᠮᠧᠷ 1525291968 ×××× ᠂ ᠬᠢᠲᠠᠳ ᠦᠨᠳᠦᠰᠦᠲᠡᠨ ᠂ ᠠᠩᠬ᠎ᠠ ᠳᠤᠮᠳᠠᠳᠤ ᠵᠢᠨ ᠰᠣᠶᠣᠯ ᠲᠠᠢ᠂ ᠰᠢᠯᠤᠭᠤᠨ ᠬᠥᠪᠡᠭᠡᠲᠦ ᠴᠠᠭᠠᠨ ᠬᠣᠰᠢᠭᠤᠨ  ×× ᠭᠡᠷ ᠪᠠᠶᠢᠰᠢᠩ ᠭᠠᠵᠠᠷ ᠬᠥᠷᠥᠩᠭᠡ ᠨᠡᠭᠡᠭᠡᠨ ᠬᠦᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠢᠨ ᠲᠠᠶᠢᠹᠦᠰᠸ ᠬᠣᠰᠢᠭᠤᠨ    ᠬᠤᠪᠢᠶᠠᠷᠢ ᠺᠣᠮᠫᠠᠨᠢ ×× ᠂ ᠡᠷᠦᠬᠡ ᠠᠮᠠ ᠵᠢᠨ ᠪᠠᠶᠢᠭ᠎ᠠ ᠭᠠᠵᠠᠷ ᠥᠪᠥᠷ ᠮᠣᠩᠭᠣᠯᠥᠪᠡᠷᠲᠡᠭᠡᠨ ᠵᠠᠰᠠᠬᠤ ᠣᠷᠣᠨ  ᠰᠢᠯᠢ ᠵᠢᠨ ᠭᠣᠸᠯ ᠠᠶᠢᠮᠠᠭᠰᠢᠯᠤᠭᠤᠨ ᠬᠥᠪᠡᠭᠡᠲᠦ ᠴᠠᠭᠠᠨ ᠬᠣᠰᠢᠭᠤ ᠂ ᠥᠪᠥᠷ ᠮᠣᠩᠭᠣᠯᠰᠢᠯᠤᠭᠤᠨ ᠬᠥᠪᠡᠭᠡᠲᠦ ᠴᠠᠭᠠᠨ ᠬᠣᠰᠢᠭᠤᠨ  ×× ᠪᠠᠯᠭᠠᠰᠤᠨ  ×× ᠪᠠᠭ᠎ᠠ ᠲᠣᠭᠣᠷᠢᠭ×× ᠠᠰᠠᠷ×× ᠤᠷᠤᠴᠠ ᠵᠢᠨ×× ᠭᠡᠷ᠂  ᠲᠤ ᠰᠠᠭᠤᠵᠤ ᠪᠠᠵᠢᠨ᠎ᠠ ᠃

 ᠯᠢ ᠣᠪᠣᠭᠲᠤ ᠵᠢᠨ ᠲᠤᠰᠢᠶᠠᠯ  ᠢᠶᠡᠷ ᠢᠶᠠᠨ ᠡᠷᠬᠡᠨ ᠳ᠋ᠦ ᠬᠠᠯᠳᠠᠭᠰᠠᠨ ᠂ ᠪᠡᠯᠡ ᠮᠦᠩᠭᠦ  ᠨᠡᠭᠦᠯᠭᠡᠨ ᠬᠡᠷᠡᠭᠯᠡᠭᠰᠡᠨ ᠶᠠᠯ᠎ᠠ  ᠪᠠᠷ ᠰᠡᠵᠢᠭᠯᠡᠭᠳᠡᠭᠰᠡᠨ ᠬᠡᠷᠡᠭ ᠲᠦ ᠂  ᠭᠣᠮᠣᠳᠠᠯ ᠲᠣᠭᠠᠴᠢᠭᠴᠢ ᠭᠤᠤ ᠣᠪᠣᠭᠲᠤ ᠂ ᠹᠠᠨ ᠤᠪᠤᠭᠲᠤ ᠬᠤᠶᠠᠳᠣᠭᠠᠷ ᠡᠴᠡ ᠲᠠᠶᠢᠹᠤᠰᠧ ᠬᠣᠰᠢᠭᠤᠨ  ᠠᠷᠠᠳᠪᠠᠶᠢᠴᠠᠭᠠᠬᠤ ᠬᠤᠷᠢᠶ᠎ᠠ ᠵᠢᠨ ᠭᠠᠷᠭᠠᠭᠰᠠᠨ ᠲᠠᠶᠢᠹᠤᠰᠧ ᠪᠠᠶᠢᠴᠠᠭᠠᠬᠤ ᠠᠯᠪᠠᠨ ᠵᠠᠭᠠᠯᠳᠤᠯᠭ᠎ᠠ ᠡᠷᠡᠭᠦᠸ ᠥᠯᠥ ᠵᠠᠭᠠᠯᠳᠤᠬᠤ︵2016︶1 ᠳ᠋ᠦ᠋ᠭᠡᠷ ᠲᠣᠭᠠᠲᠤ ᠦᠯᠦ ᠵᠠᠭᠠᠯᠳᠤᠬᠤ ᠲᠣᠭᠲᠠᠭᠠᠯ ᠪᠠ ᠰᠢᠯᠢ ᠵᠢᠨ ᠭᠣᠸᠯ ᠠᠶᠢᠮᠠᠭᠪᠠᠶᠢᠴᠠᠭᠠᠬᠤ ᠬᠤᠪᠢᠶᠠᠷᠢ ᠬᠣᠷᠢᠶᠠᠨ  ᠦᠪᠦᠷ ᠪᠠᠶᠢᠴᠠᠭᠠᠬᠤ ᠰᠢᠯᠢ  ᠬᠤᠪᠢᠶᠠᠷᠢ   ᠵᠠᠭᠠᠯᠳᠤᠬᠤ ᠭᠤᠮᠤᠳᠠᠯ ᠡᠷᠡᠭᠦᠸ  ᠭᠤᠮᠤᠳᠠᠯ ᠳᠠᠬᠢᠨ ᠲᠤᠭᠲᠠᠭᠠᠯ︵2018︶1 ᠳ᠋ᠦ᠋ᠭᠡᠷ ᠲᠣᠭᠠᠲᠤ ᠡᠷᠡᠭᠦᠸ ᠵᠢᠨ ᠬᠡᠷᠡᠭᠭᠣᠮᠣᠳᠠᠯ ᠲᠣᠭᠠᠴᠢᠯᠲᠠ  ᠳᠠᠬᠢᠨ ᠪᠠᠶᠢᠴᠠᠭᠠᠭᠰᠠᠨ ᠲᠣᠭᠲᠠᠭᠠᠯ ᠢ ᠦᠯᠦ ᠵᠦᠪᠰᠢᠶᠡᠷᠡᠨ᠂ ᠲᠣᠰ ᠬᠣᠷᠢᠶᠠᠨ ᠳᠤ ᠭᠣᠮᠣᠳᠠᠯ ᠲᠣᠭᠠᠴᠢᠪᠠ ᠃ ᠭᠣᠮᠣᠳᠠᠯ ᠲᠣᠭᠠᠴᠢᠭᠴᠢ ᠡᠴᠡ ᠯᠢ ᠣᠪᠣᠭᠲᠤ ᠲᠤᠰᠢᠶᠠᠯ  ᠢᠶᠡᠷ ᠢᠶᠠᠨ ᠡᠷᠬᠡᠨ ᠳ᠋ᠦ ᠬᠠᠯᠳᠠᠭᠰᠠᠨ ᠂ ᠪᠡᠯᠡ ᠮᠦᠩᠭᠦ  ᠨᠡᠭᠦᠯᠭᠡᠨ ᠬᠡᠷᠡᠭᠯᠡᠭᠰᠡᠨ ᠶᠠᠯ᠎ᠠ ᠪᠣᠯᠵᠤ ᠪᠦᠷᠢᠯᠳᠦᠭᠰᠡᠨ ᠭᠡᠵᠦ ᠦᠵᠡᠭᠡᠳ᠂ ᠬᠠᠤᠯᠢ ᠶᠣᠰᠣᠭᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠭᠦᠯᠬᠦ ᠪᠡᠷ ᠭᠤᠶᠤᠴᠢᠯᠠᠪᠠ ᠃

ᠲᠤᠰ ᠬᠣᠷᠢᠶ᠎ᠠ ᠳᠠᠬᠢᠨ ᠪᠠᠶᠢᠴᠠᠭᠠᠭᠠᠳ ᠪᠠᠶᠢᠴᠠᠭᠠᠨ ᠲᠣᠳᠣᠯᠠᠭᠰᠠᠨ ᠨᠢ ᠄ 2011 ᠣᠨ  4 ᠰᠠᠷ᠎ᠠ ᠵᠢᠨ 22    ᠡᠲᠦᠷ ᠂ ᠹᠠᠨ ᠤᠪᠤᠭᠲᠤ ᠨᠢᠭᠡᠳᠦᠭᠡᠷ ᠂ ᠭᠤᠤ ᠣᠪᠣᠭᠲᠤ ᠂ ᠯᠢ ᠣᠪᠣᠭᠲᠤ ᠂ ᠹᠠᠨ ᠤᠪᠤᠭᠲᠤ ᠬᠤᠶᠠᠳᠤᠭᠠᠷ ᠲᠠᠶᠢᠹᠤᠰᠧ ᠬᠤᠰᠢᠭᠤᠨ  ××ᠲᠣᠪᠴᠢᠶᠠᠨ  ×× ᠬᠤᠳᠠᠯᠳᠤᠭᠠᠨ  ᠦ ᠤᠷᠤᠨ ᠰᠠᠭᠤᠴᠠ ᠵᠢᠨ ᠠᠰᠠᠷᠪᠦᠲᠦᠭᠡᠨ ᠪᠠᠶᠢᠭᠤᠯᠤᠯᠲᠠ  ᠵᠢᠨ ᠲᠥᠷᠥᠯ ᠵᠦᠢᠯ  ᠢ ᠬᠣᠷᠰᠢᠨ ᠨᠡᠭᠡᠭᠡᠨ ᠬᠦᠭᠵᠢᠭᠦᠯᠬᠦ ᠬᠡᠯᠡᠯᠴᠡᠭᠡᠷᠪᠢᠴᠢᠭ ᠲᠤᠭᠲᠠᠪᠠ ᠃ ᠬᠡᠯᠡᠯᠴᠡᠭᠡᠷᠭᠣᠣᠯ ᠠᠭᠤᠯᠭ᠎ᠠ ᠳ᠋ᠦ᠄ ᠢᠨᠵᠧᠨᠧᠷᠢᠩᠶᠡᠷᠦᠩᠬᠡᠶ ᠬᠠᠷᠢᠭᠤᠴᠠᠯᠭᠠᠲᠠᠨ ᠨᠢ ᠹᠠᠨ ᠤᠪᠤᠭᠲᠤ ᠨᠢᠭᠡᠳᠦᠭᠡᠷ ᠪᠠᠶᠢᠵᠤ᠂  ᠭᠤᠤᠯᠯᠠᠨ ᠬᠠᠮᠢᠶᠠᠷᠤᠨ᠎ᠠ᠂ ᠬᠤᠷᠰᠢᠬᠤ ᠠᠷᠭ᠎ᠠ ᠬᠡᠯᠪᠠᠷᠢ ᠳ᠋ᠦ ᠲᠥᠷᠥᠯ ᠵᠦᠢᠯᠬᠤᠪᠢᠴᠠᠭ᠎ᠠ  ᠳᠥᠷᠪᠡᠨ  ᠬᠤᠪᠢᠴᠠᠭ᠎ᠠ ᠬᠤᠪᠢᠶᠠᠨ᠎ᠠ᠃ ᠨᠢᠭᠡᠳᠦᠭᠡᠷ ᠬᠤᠭᠤᠴᠠᠭᠠᠨ ᠳ᠋ᠡᠬᠢ ᠲᠥᠷᠥᠯ ᠵᠦᠢᠯᠬᠡᠷᠡᠭᠰᠡᠬᠦ ᠪᠦᠬᠦ ᠪᠡᠯᠡ ᠮᠥᠩᠭᠥ 1500 ᠲᠦᠮᠡ᠂ ᠡᠭᠦᠨ ᠳ᠋ᠦ ᠹᠠᠨ ᠤᠪᠤᠭᠲᠤ ᠨᠢᠭᠡᠳᠦᠭᠡᠷ300 ᠲᠦᠮᠡ ᠨᠢ ᠨᠢᠭᠡ ᠬᠤᠪᠢᠴᠠᠭ᠎ᠠ᠂ ᠭᠤᠤ ᠣᠪᠣᠭᠲᠤ ᠵᠢᠨ 600 ᠲᠦᠮᠡ ᠨᠢ 1.5 ᠬᠤᠪᠢᠴᠠᠭ᠎ᠠ᠂ ᠯᠢ ᠣᠪᠣᠭᠲᠤ ᠵᠢᠨ 400 ᠲᠦᠮᠡ ᠨᠢ ᠨᠢᠭᠡ ᠬᠤᠪᠢᠴᠠᠭ᠎ᠠ᠂ ᠹᠠᠨ ᠤᠪᠤᠭᠲᠤ ᠬᠤᠶᠠᠳᠤᠭᠠᠷ200 ᠲᠦᠮᠡ ᠨᠢ 0.5 ᠬᠤᠪᠢᠴᠠᠭ᠎ᠠ ᠪᠠᠶᠢᠵᠤ᠂ ᠪᠦᠬᠦ ᠪᠡᠯᠡ ᠮᠥᠩᠭᠥ  ᠪᠦᠷ ᠪᠡᠯᠡᠨ ᠵᠣᠭᠣᠰᠬᠡᠯᠪᠡᠷᠢ ᠪᠡᠷ ᠪᠡᠯᠡ ᠭᠠᠷᠭᠠᠨ᠎ᠠ᠂ ᠬᠣᠶᠠᠳᠤᠭᠠᠷ ᠬᠤᠭᠤᠴᠠᠭ᠎ᠠ ᠵᠢᠨ 2011 ᠤᠨ  5 ᠰᠠᠷ᠎ᠠ  ᠵᠢᠨ 15  ᠡᠳᠦᠷ ᠨᠡᠭᠡᠭᠡᠨ ᠬᠥᠭᠵᠢᠭᠦᠯᠬᠦ  ᠳᠦ ᠬᠡᠷᠡᠭᠯᠡᠬᠦ ᠵᠣᠭᠣᠰ ᠳᠡᠭᠡᠷ᠎ᠡ ᠭᠤᠤ ᠣᠪᠣᠭᠲᠤ ᠂ ᠯᠢ ᠣᠪᠣᠭᠲᠤ ᠂ ᠹᠠᠨ ᠤᠪᠤᠭᠲᠤ ᠬᠤᠶᠠᠳᠤᠭᠠᠷ ᠭᠤᠷᠪᠠᠭᠤᠯᠠ ᠵᠢᠨ ᠭᠠᠷᠭᠠᠭᠰᠠᠨ 150 ᠲᠦᠮᠡᠨ ᠲᠥᠭᠥᠷᠢᠭ ᠢ   ᠤᠨ  ᠵᠤᠭᠤᠰᠤᠨ ᠳ᠋ᠦ ᠬᠡᠷᠡᠭᠯᠡᠵᠦ᠂ ᠬᠤᠵᠢᠮᠢᠨᠵᠧᠨᠧᠷᠢᠩ ᠳᠤ ᠬᠡᠷᠡᠭᠯᠡᠬᠦ ᠵᠣᠭᠣᠰ ᠢ ᠭᠤᠤ ᠣᠪᠣᠭᠲᠤ ᠂ ᠯᠢ ᠣᠪᠣᠭᠲᠤ ᠂ ᠹᠠᠨ ᠤᠪᠤᠭᠲᠤ ᠬᠤᠶᠠᠳᠤᠭᠠᠷ ᠵᠡᠷᠭᠡ ᠬᠦᠮᠦᠰ ᠬᠤᠪᠢᠴᠠᠭᠠᠨ  ᠪᠡᠯᠡ ᠤᠷᠤᠭᠤᠯᠤᠭᠰᠠᠨ ᠬᠠᠷᠢᠴᠠᠯ ᠢᠶᠠᠷ ᠢᠶᠠᠨ ᠪᠡᠯᠡ ᠭᠠᠷᠭᠠᠨ᠎ᠠ ᠃ ᠬᠤᠷᠰᠢᠬᠤ ᠪᠦᠲᠦᠴᠡ ᠳᠤ ᠳᠦᠷᠪᠡᠨ ᠬᠥᠮᠦᠨ  ᠬᠤᠯᠪᠤᠭᠠᠯᠠᠭᠰᠠᠨ ᠬᠠᠮᠢᠶᠠᠷᠤᠯᠲᠠ ᠵᠢᠨ ᠪᠠᠶᠢᠭᠤᠯᠤᠮᠵᠢ ᠪᠠᠶᠢᠭᠤᠯᠵᠤ᠂ ᠲᠦᠷᠦᠯ ᠵᠦᠢᠯᠪᠠᠭ ᠪᠠᠶᠢᠭᠤᠯᠵᠤ᠂  ᠭᠡᠰᠢᠭᠦᠨ ᠢ ᠳᠦᠷᠪᠡᠨ ᠲᠠᠯ᠎ᠠ ᠠᠴᠠ ᠬᠥᠮᠦᠨ ᠲᠣᠮᠢᠯᠠᠨ ᠪᠦᠷᠢᠯᠳᠦᠭᠦᠯᠦᠨ᠎ᠡ᠃ ᠪᠦᠬᠦᠶᠢᠯᠡ ᠲᠥᠷᠥᠯ ᠵᠦᠢᠯᠡᠵᠡᠩᠨᠡᠯᠲᠡ ᠬᠠᠮᠢᠶᠠᠷᠤᠯᠲᠠ  ᠳᠥᠷᠪᠡᠨ ᠬᠥᠮᠦᠨ ᠬᠠᠮᠲᠤ ᠪᠠᠷ ᠲᠣᠭᠲᠠᠭᠠᠵᠤ ᠰᠢᠶᠳᠪᠦᠷᠢᠯᠡᠨ᠎ᠡ᠃ ᠬᠣᠷᠰᠢᠬᠤ ᠬᠤᠭᠤᠴᠠᠭ᠎ᠠ ᠨᠢ ᠲᠤᠰ ᠲᠥᠷᠥᠯ ᠵᠦᠶᠯ ᠢ ᠪᠦᠬᠦᠯᠢ ᠴᠣᠭᠴᠠ  ᠪᠠᠷ ᠨᠢ ᠨᠡᠭᠡᠭᠡᠨ ᠬᠦᠭᠵᠢᠭᠦᠯᠬᠦ ᠡᠴᠡ ᠪᠦᠬᠦᠶᠢᠯᠡ ᠪᠠᠷᠢᠯᠭ᠎ᠠ ᠳᠠᠭᠤᠰᠴᠤ᠂ ᠭᠡᠷ ᠪᠠᠶᠢᠰᠢᠩ ᠢ ᠪᠣᠷᠣᠯᠠᠭᠤᠯᠵᠤ ᠳᠠᠭᠤᠰᠲᠠᠯ᠎ᠠ᠃ ᠭᠡᠷ ᠬᠥᠷᠥᠩᠭᠡ ᠵᠢᠨ ᠪᠣᠷᠣᠯᠠᠭᠤᠯᠤᠯᠲᠠ  ᠳᠥᠷᠪᠡᠨ ᠬᠥᠮᠦᠨ ᠬᠠᠷᠢᠭᠤᠴᠠᠵᠤ᠂ ᠦᠨ᠎ᠡ ᠬᠠᠩᠰᠢ ᠨᠢ ᠠᠳᠠᠯᠢ ᠤᠷᠤᠨ ᠬᠡᠪᠴᠢᠶᠡᠨ  ᠳ᠋ᠡᠬᠢ ᠠᠰᠠᠷᠦᠨ᠎ᠡ ᠪᠡᠷ ᠪᠣᠷᠣᠯᠠᠭᠤᠯᠤᠨ᠎ᠠ᠂ ᠪᠣᠷᠣᠯᠠᠭᠤᠯᠬᠤ ᠦᠨ᠎ᠡ ᠬᠠᠩᠰᠢ  ᠪᠣᠳᠠᠲᠠᠶ ᠲᠣᠭᠲᠠᠭᠠᠬᠤ ᠦᠶᠡᠰ᠂ ᠳᠦᠷᠪᠡᠭᠦᠯᠡ ᠰᠠᠨᠠᠯ ᠨᠢᠭᠡᠳᠬᠦ ᠬᠡᠷᠡᠭᠲᠡᠢ ᠪᠦᠭᠡᠳ ᠲᠦᠷᠪᠡᠨ ᠬᠥᠮᠦᠨ ᠦ ᠪᠢᠴᠢᠭᠵᠥᠪᠰᠢᠶᠡᠷᠡᠯ ᠢ ᠣᠯᠪᠠᠯ ᠰᠠᠶ᠋ᠢ ᠪᠣᠷᠣᠯᠠᠭᠤᠯᠵᠤ ᠪᠣᠯᠤᠨ᠎ᠠ᠃ ᠭᠡᠷ ᠪᠠᠶᠢᠰᠢᠩ ᠢ ᠤᠷᠢᠳᠠᠪᠠᠷ ᠪᠤᠷᠤᠯᠠᠭᠤᠯᠤᠭᠠᠳ ᠤᠯᠤᠭᠰᠠᠨ ᠠᠰᠠᠷᠵᠣᠭᠣᠰ ᠵᠢᠴᠢ ᠪᠣᠯᠵᠣᠭᠠᠨ  ᠮᠥᠩᠭᠥ ᠵᠡᠷᠭᠡ ᠵᠣᠭᠣᠰ ᠢ ᠤᠷᠢᠳᠠᠪᠠᠷ ᠳᠥᠷᠪᠡᠨ ᠬᠥᠮᠦᠨ ᠦ ᠨᠡᠭᠡᠭᠡᠨ ᠬᠥᠭᠵᠢᠭᠦᠯᠬᠦ ᠲᠥᠷᠥᠯ ᠵᠦᠢᠯ ᠳᠦ ᠬᠡᠷᠡᠭᠯᠡᠵᠦ᠂ ᠲᠤᠰᠬᠠᠶ ᠵᠣᠭᠣᠰ ᠢ ᠲᠤᠰᠠᠭᠠᠷ ᠬᠡᠷᠡᠭᠯᠡᠬᠦ ᠬᠡᠷᠡᠭᠲᠡᠢ᠃ ᠬᠣᠷᠰᠢᠬᠤ ᠬᠤᠭᠤᠴᠠᠭᠠᠨ ᠳᠠᠬᠢ ᠪᠦᠬᠦ ᠪᠡᠯᠡ ᠮᠥᠩᠭᠥ ᠵᠢᠨ 2000 ᠲᠥᠭᠥᠷᠢᠭ ᠡᠴᠡ ᠬᠡᠲᠦᠷᠡᠭᠰᠡᠨ ᠵᠠᠷᠤᠯᠭ᠎ᠠ  ᠴᠥᠮ ᠳᠦᠷᠪᠡᠨ ᠬᠥᠮᠦᠨ ᠦ ᠲᠥᠯᠥᠭᠡᠯᠡᠭᠴᠢ ᠭᠠᠷᠦᠰᠦᠭ ᠵᠢᠷᠤᠵᠤ ᠵᠥᠪᠰᠢᠶᠡᠷᠡᠪᠡᠯ ᠰᠠᠶ᠋ᠢ ᠪᠣᠳᠠᠲᠠᠶ  ᠪᠠᠷ ᠭᠠᠷᠭᠠᠨ ᠠᠪᠴᠦ ᠪᠣᠯᠤᠨ᠎ᠠ ᠭᠡᠵᠦ ᠪᠤᠯᠵᠤᠨ ᠲᠤᠭᠲᠠᠵᠠᠢ᠃ ᠬᠤᠵᠢᠮ ᠨᠢ ᠬᠠᠮᠢᠶ᠎ᠠ ᠪᠦᠬᠦᠢ ᠬᠢᠷᠢ ᠬᠡᠮ ᠦᠭᠡᠶ ᠡᠴᠡ ᠪᠣᠯᠵᠤ᠂ ᠳᠦᠷᠪᠡᠭᠦᠯᠡ ᠵᠦᠪᠳᠡᠭᠡᠳ ᠹᠠᠨ ᠤᠪᠤᠭᠲᠤ ᠨᠢᠭᠡᠳᠦᠭᠡᠷ ᠢᠶᠡᠷ ᠳᠦᠰᠢᠭᠯᠡᠬᠦ ᠭᠠᠷ ᠭᠦᠢᠴᠡᠳᠬᠡᠯ ᠬᠢᠯᠭᠡᠬᠦ ᠪᠡᠷ ᠪᠤᠯᠵᠠᠢ᠃ 201111 ᠰᠠᠷ᠎ᠠ ᠵᠢᠨ 20   ᠡᠲᠦᠷ ᠂ ᠹᠠᠨ ᠤᠪᠤᠭᠲᠤ ᠨᠢᠭᠡᠳᠦᠭᠡᠷ ᠰᠢᠯᠤᠭᠤᠨ ᠬᠥᠪᠡᠭᠡᠲᠦ ×× ᠭᠡᠷ ᠪᠠᠶᠢᠰᠩ ᠭᠠᠵᠠᠷ ᠭᠦᠷᠦᠨᠭᠭᠡ  ᠨᠡᠭᠡᠭᠡᠨ ᠬᠦᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠶ ᠳᠦᠰᠢᠭᠯᠡᠬᠦ ᠬᠡᠯᠡᠯᠴᠡᠭᠡᠷ ᠲᠣᠭᠲᠠᠵᠤ᠂ ᠬᠦᠭᠡ ᠲᠠᠯ᠎ᠠ ᠨᠢ ᠰᠢᠯᠤᠭᠤᠨ ᠬᠥᠪᠡᠭᠡᠲᠦ ×× ᠭᠡᠷ ᠪᠠᠶᠢᠰᠢᠩ ᠭᠠᠵᠠᠷ ᠭᠦᠷᠦᠨᠭᠭᠡ  ᠨᠡᠭᠡᠭᠡᠨ ᠬᠦᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠭᠡᠵᠦ ᠲᠤᠭᠲᠠᠵᠤ᠂ ᠬᠥᠬᠡᠭᠴᠢᠨ ᠲᠠᠯ᠎ᠠ ᠪᠤᠯᠬᠤ  ᠹᠠᠨ ᠤᠪᠤᠭᠲᠤ ᠨᠢᠭᠡᠳᠦᠭᠡᠷ ᠵᠢᠨ ᠱᠠᠭᠠᠷᠳᠠᠯᠭ᠎ᠠ ᠪᠠᠷ᠂ ᠲᠡᠭᠦᠨ ᠦ ᠨᠡᠭᠡᠭᠡᠨ ᠬᠥᠭᠵᠢᠭᠦᠯᠵᠦ ᠡᠵᠡᠩᠨᠡᠬᠦ ᠳᠦ ᠳᠥᠭᠥᠮ  ᠵᠢᠨ ᠲᠤᠰᠠᠳᠠ ᠬᠥᠬᠡᠭᠴᠢᠨ ᠲᠠᠯ᠎ᠠ ᠨᠢ ᠬᠥᠬᠡ ᠲᠠᠯ᠎ᠠ  ᠳᠦᠰᠢᠭᠯᠡᠨ᠂ ᠬᠥᠬᠡ ᠲᠠᠯ᠎ᠠ ᠨᠢ ᠬᠦᠬᠡᠭᠴᠢᠨ ᠲᠠᠯ᠎ᠠ ᠳ᠋ᠦ ᠰᠢᠯᠤᠭᠤᠨ ᠬᠥᠪᠡᠭᠡᠲᠦ ᠴᠠᠭᠠᠨ ᠬᠣᠰᠢᠭᠤᠨ  ×× ᠭᠡᠷ ᠪᠠᠶᠢᠰᠢᠩ ᠭᠠᠵᠠᠷ ᠬᠥᠷᠥᠩᠭᠡ ᠨᠡᠭᠡᠭᠡᠨ ᠬᠦᠭᠵᠢᠭᠦᠯᠬᠦ ᠺᠣᠮᠫᠠᠨᠢ ᠵᠢᠨ ᠲᠠᠶᠢᠹᠤᠰᠧ ᠬᠣᠰᠢᠭᠤᠨ  ᠬᠤᠪᠢᠶᠠᠷᠢ ᠺᠣᠮᠫᠠᠨᠢ  ᠪᠠᠶᠢᠭᠤᠯᠤᠨ ᠦᠭᠴᠦ᠂ ᠲᠤᠰ ᠬᠤᠪᠢᠶᠠᠷᠢ ᠺᠣᠮᠫᠠᠨᠢ ᠪᠣᠯ ᠬᠥᠬᠡᠭᠴᠢᠨ ᠲᠠᠯ᠎ᠠ  ᠵᠢᠨ ᠲᠦᠯᠦᠭᠡ ᠲᠤᠰᠠᠭᠠᠷ ᠪᠠᠶᠢᠭᠤᠯᠤᠭᠰᠠᠨ ᠪᠠᠶᠢᠵᠤ᠂ ᠬᠥᠬᠡᠭᠴᠢᠨ ᠲᠠᠯ᠎ᠠ ᠨᠢ ᠰᠢᠯᠤᠭᠤᠨ ᠬᠥᠪᠡᠭᠡᠲᠦ ᠴᠠᠭᠠᠨ ᠬᠣᠰᠢᠭᠤᠨ  ×× ᠭᠡᠷ ᠪᠠᠶᠢᠰᠢᠩ ᠭᠠᠵᠠᠷ ᠬᠥᠷᠥᠩᠭᠡ ᠵᠢᠨ ᠨᠡᠭᠡᠭᠡᠨ ᠬᠦᠭᠵᠢᠭᠦᠯᠬᠦ ᠺᠣᠮᠫᠠᠨᠢ ᠵᠢᠨ ᠬᠤᠪᠢᠶᠠᠷᠢ ᠺᠣᠮᠫᠠᠨᠢ ᠵᠢᠨ ᠨᠡᠷ᠎ᠡ ᠪᠡᠷ ᠡᠵᠡᠩᠨᠡᠬᠦ ᠡᠷᠬᠡ ᠪᠡᠨ ᠬᠡᠷᠡᠭᠵᠢᠭᠦᠯᠵᠦ᠂ ᠪᠡᠶ᠎ᠡ ᠪᠠᠨ ᠳᠠᠭᠠᠭᠠᠨ ᠡᠵᠡᠩᠨᠡᠵᠦ᠂ ᠲᠤᠰᠠᠭᠠᠷ ᠲᠣᠭᠠᠴᠠᠭ᠎ᠠ ᠬᠢᠵᠦ᠂ ᠣᠯᠵᠤ ᠠᠯᠳᠠᠬᠤ ᠪᠠᠨ ᠥᠪᠡᠰᠦᠪᠡᠨ ᠬᠠᠷᠢᠭᠤᠴᠠᠨ ᠂ ᠲᠤᠰᠠᠭᠠᠷ ᠳᠠᠩᠰᠠ ᠪᠠᠶᠢᠭᠤᠯᠵᠤ᠂ ᠬᠥᠬᠡᠭᠴᠢᠨ ᠲᠠᠯ᠎ᠠ ᠠᠴᠠ ᠬᠥᠬᠡ ᠲᠠᠯ᠎ᠠ ᠳᠤ ᠲᠣᠰ ᠲᠥᠷᠥᠯ ᠵᠦᠶᠯᠶᠡᠷᠦᠩᠬᠡᠶ ᠪᠡᠯᠡ ᠣᠷᠣᠭᠤᠯᠤᠯᠲᠠ ᠵᠢᠨ ᠲᠣᠭ᠎ᠠ ᠵᠢᠨ 1.5%  ᠪᠠᠷ ᠬᠠᠮᠢᠶᠠᠷᠤᠯᠲᠠ ᠵᠢᠨ ᠵᠠᠷᠤᠳᠠᠯ ᠲᠤᠰᠢᠶᠠᠨ᠎ᠠ᠃ 201112 ᠰᠠᠷ᠎ᠠ ᠵᠢᠨ 1   ᠡᠲᠦᠷ ᠂ ᠰᠢᠯᠤᠭᠤᠨ ᠬᠥᠪᠡᠭᠡᠲᠦ ᠴᠠᠭᠠᠨ ᠬᠣᠰᠢᠭᠤᠨ  ×× ᠭᠡᠷ ᠪᠠᠶᠢᠰᠢᠩ ᠭᠠᠵᠠᠷ ᠬᠥᠷᠥᠩᠭᠡ ᠨᠡᠭᠡᠭᠡᠨ ᠬᠦᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠢᠨ ᠲᠠᠶᠢᠹᠤᠰᠧ ᠬᠣᠰᠢᠭᠤᠨ  ᠬᠤᠪᠢᠶᠠᠷᠢ ᠺᠣᠮᠫᠠᠨᠢ ᠨᠢ ᠲᠠᠶᠢᠹᠤᠰᠧ ᠬᠣᠰᠢᠭᠤᠨ  ᠦᠶᠯᠡᠳᠪᠦᠷᠢ ᠬᠤᠳᠠᠯᠳᠤᠭᠠᠨ  ᠵᠠᠰᠠᠭ ᠵᠠᠬᠢᠷᠭᠠᠨ  ᠬᠠᠮᠢᠶᠠᠷᠤᠯᠲᠠ ᠵᠢᠨ ᠳᠤᠪᠴᠢᠶᠠᠨ ᠳ᠋ᠦ ᠬᠠᠸᠯᠢ ᠶᠣᠰᠣᠭᠠᠷ ᠳᠠᠩᠰᠠᠯᠠᠭᠤᠯᠤᠨ ᠪᠠᠶᠢᠭᠤᠯᠤᠭᠳᠠᠵᠤ᠂ ᠠᠵᠤ ᠠᠬᠤᠶᠢᠯᠠᠯᠲᠥᠷᠥᠯ ᠬᠡᠯᠪᠡᠷᠢ ᠨᠢ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠢᠨ ᠬᠤᠪᠢᠶᠠᠷᠢ ᠺᠣᠮᠫᠠᠨᠢ︵ᠪᠠᠶᠢᠭᠠᠯᠢ ᠬᠥᠮᠦᠨ  ᠪᠡᠯᠡ ᠤᠷᠤᠭᠤᠯᠤᠭᠰᠠᠨ ᠪᠤᠶᠤ ᠬᠤᠪᠢᠴᠠᠭ᠎ᠠ ᠡᠵᠡᠮᠳᠡᠬᠦ ︶ᠪᠠᠶᠢᠵᠤ ᠂ ᠬᠠᠷᠢᠭᠤᠴᠠᠯᠭᠠᠲᠠᠨ ᠨᠢ ᠹᠠᠨ ᠤᠪᠤᠭᠲᠤ ᠨᠢᠭᠡᠳᠦᠭᠡᠷ ᠪᠣᠯᠤᠨ᠎ᠠ᠃ ᠰᠢᠯᠤᠭᠤᠨ ᠬᠥᠪᠡᠭᠡᠲᠦ ᠴᠠᠭᠠᠨ ᠬᠣᠰᠢᠭᠤᠨ  ᠭᠡᠷ ᠪᠠᠶᠢᠰᠢᠩ ᠭᠠᠵᠠᠷ ᠬᠥᠷᠥᠩᠭᠡ ᠨᠡᠭᠡᠭᠡᠨ ᠬᠦᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠢᠨ ᠲᠠᠶᠢᠹᠤᠰᠧ ᠬᠣᠰᠢᠭᠤᠨ  ᠬᠤᠪᠢᠶᠠᠷᠢ ᠺᠣᠮᠫᠠᠨᠢ ᠪᠠᠶᠢᠭᠤᠯᠤᠭᠳᠠᠭᠰᠠᠨ  ᠳᠠᠷᠠᠭ᠎ᠠ᠂ ᠹᠠᠨ ᠤᠪᠤᠭᠲᠤ ᠨᠢᠭᠡᠳᠦᠭᠡᠷ ᠪᠠ ᠯᠢ ᠣᠪᠣᠭᠲᠤ ᠪᠣᠳᠠᠲᠠᠶ ᠡᠵᠡᠩᠨᠡᠵᠦ᠂ ᠭᠣᠣ ᠣᠪᠣᠭᠲᠤ ᠂ ᠹᠠᠨ ᠤᠪᠤᠭᠲᠤ ᠬᠤᠶᠠᠳᠤᠭᠠᠷ ᠪᠣᠳᠠᠲᠠᠶ ᠡᠵᠡᠩᠨᠡᠯᠲᠡ ᠳᠦ ᠣᠷᠣᠯᠴᠠᠭᠰᠠᠨ ᠦᠭᠡᠶ᠃

2012 10 ᠰᠠᠷ᠎ᠠ ᠠᠴᠠ 2015 5 ᠰᠠᠷ᠎ᠠ ᠵᠢᠨ ᠬᠣᠭᠣᠷᠣᠨᠳᠣ᠂ ᠯᠢ ᠣᠪᠣᠭᠲᠤ ᠰᠢᠯᠤᠭᠤᠨ ᠬᠥᠪᠡᠭᠡᠲᠦ ᠴᠠᠭᠠᠨ ᠬᠣᠰᠢᠭᠤᠨ  ×× ᠭᠡᠷ ᠪᠠᠶᠢᠰᠢᠩ ᠭᠠᠵᠠᠷ ᠭᠦᠷᠦᠨᠭᠭᠡ  ᠨᠡᠭᠡᠭᠡᠨ ᠬᠦᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠢᠨ ᠲᠠᠶᠢᠹᠤᠰᠧ ᠬᠣᠰᠢᠭᠤᠨ  ᠬᠤᠪᠢᠶᠠᠷᠢ ᠺᠤᠮᠫᠠᠨᠢ ᠵᠢᠨ ᠪᠡᠯᠡ ᠮᠥᠩᠭᠥ ᠪᠡᠷ ᠰᠢᠯᠤᠭᠤᠨ ᠬᠥᠪᠡᠭᠡᠲᠦ ᠴᠠᠭᠠᠨ ᠬᠣᠰᠢᠭᠤᠨ  ᠬᠥᠳᠡᠭᠡ ᠲᠣᠰᠬᠣᠨ  ᠢᠲᠡᠭᠡᠮᠵᠢ ᠵᠢᠨ ᠬᠤᠷᠰᠢᠶᠠᠨ ᠳ᠋ᠡᠬᠢ ᠬᠤᠪᠢ ᠵᠢᠨ ᠵᠢᠭᠡᠯᠡᠯᠭᠡ ᠵᠢᠨ ᠬᠦᠦ ᠮᠥᠩᠭᠥ᠂ ᠡᠬᠡ ᠮᠥᠩᠭᠥ᠂ ᠳᠠᠭᠠᠳᠬᠠᠯᠵᠠᠷᠤᠳᠠᠯ ᠨᠡᠶᠢᠲᠡ 92.85 ᠲᠦᠮᠡᠨ ᠲᠥᠭᠥᠷᠢᠭ ᠪᠤᠴᠠᠭᠠᠵᠤ ᠂ ᠰᠢᠯᠤᠭᠤᠨ ᠬᠥᠪᠡᠭᠡᠲᠦ ᠴᠠᠭᠠᠨ ᠬᠣᠰᠢᠭᠤᠨ  ×× ᠮᠠᠯᠠᠰᠢᠭ ᠰᠢᠮ᠎ᠡ ᠵᠢᠨ ᠬᠢᠵᠠᠭᠠᠷᠲᠤ ᠺᠣᠮᠫᠠᠨᠢ (ᠯᠢ ᠣᠪᠣᠭᠲᠤ ᠵᠢᠨ ᠬᠤᠪᠢ ᠬᠥᠮᠦᠨ ᠦ ᠲᠤᠰᠠᠭᠠᠷ ᠪᠡᠯᠡᠳᠤ ᠺᠣᠮᠫᠠᠨᠢ) ᠵᠢᠨ ᠨᠡᠷ᠎ᠡ ᠪᠡᠷ ᠦᠢᠯᠡᠳᠪᠦᠷᠢ ᠬᠤᠳᠠᠯᠳᠤᠭᠠᠨ  ᠪᠠᠩᠬᠢ ᠵᠢᠨ ᠲᠠᠶᠢᠹᠤᠰᠧ ᠬᠣᠰᠢᠭᠤᠨ ᠳ᠋ᠡᠬᠢ ᠵᠢᠭᠡᠯᠡᠯᠭᠡ ᠵᠢᠨ ᠬᠦᠦ ᠮᠥᠩᠭᠥ᠂ ᠡᠳ᠋ᠶᠠᠪᠤᠳᠠᠯᠵᠥᠪᠯᠡᠭᠴᠢ ᠵᠢᠨ ᠵᠠᠷᠤᠳᠠᠯ 78.17 ᠲᠦᠮᠡᠨ ᠲᠥᠭᠥᠷᠢᠭ ᠪᠤᠴᠠᠭᠠᠵᠤ᠂ ᠶᠠᠨ ᠣᠪᠣᠭᠲᠤ ᠳᠤ 4.064 ᠲᠦᠮᠡᠨ ᠲᠥᠭᠥᠷᠢᠭᠵᠢᠭᠡᠯᠡᠯᠭᠡ ᠵᠢᠨ ᠬᠦᠦ ᠮᠥᠩᠭᠥ ᠥᠭᠴᠦ᠂ ᠳᠡᠭᠡᠷᠡᠬᠢ ᠨᠢ ᠨᠡᠶᠢᠲᠡ 175.08 ᠲᠦᠮᠡᠨ ᠲᠥᠭᠥᠷᠢᠭ ᠪᠤᠯᠤᠨ᠎ᠠ ᠃ 2012 ᠣᠨ  12 ᠰᠠᠷ᠎ᠠ ᠵᠢᠨ 9   ᠡᠲᠦᠷ ᠂ ᠯᠢ ᠣᠪᠣᠭᠲᠤ ᠨᠤᠷᠠᠭᠠᠨ ᠨᠡᠭᠦᠯᠭᠡᠬᠦ ᠨᠥᠬᠥᠪᠥᠷᠢ ᠮᠦᠩᠭᠦ ᠵᠢᠨ ᠨᠡᠷ᠎ᠡ ᠪᠡᠷ ᠰᠢᠯᠤᠭᠤᠨ ᠬᠥᠪᠡᠭᠡᠲᠦ ᠴᠠᠭᠠᠨ ᠬᠣᠰᠢᠭᠤᠨ  ×× ᠭᠡᠷ ᠪᠠᠶᠢᠰᠢᠩ ᠭᠠᠵᠠᠷ ᠬᠥᠷᠥᠩᠭᠡ ᠨᠡᠭᠡᠭᠡᠨ ᠬᠦᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠢᠨ ᠲᠠᠶᠢᠹᠤᠰᠧ ᠬᠣᠰᠢᠭᠤᠨ  ᠬᠤᠪᠢᠶᠠᠷᠢ ᠺᠣᠮᠫᠠᠨᠢ  ᠢᠶᠡᠷ 39.4 ᠲᠦᠮᠡᠨ ᠲᠥᠭᠥᠷᠢᠭᠲᠠᠩᠰᠠ ᠲᠠᠶᠢᠯᠤᠭᠤᠯᠪᠠ ᠃ 2012  ᠤᠨ 12 ᠰᠠᠷ᠎ᠠ ᠠᠴᠠ 2015 ᠤᠨ  8 ᠰᠠᠷ᠎ᠠ ᠪᠣᠯᠲᠠᠯ᠎ᠠ ᠂ ᠯᠢ ᠣᠪᠣᠭᠲᠤ ᠤᠷᠢᠳ ᠬᠣᠵᠢᠳ ᠰᠢᠯᠤᠭᠤᠨ ᠬᠥᠪᠡᠭᠡᠲᠦ ᠴᠠᠭᠠᠨ ᠬᠣᠰᠢᠭᠤᠨ  ×× ᠭᠡᠷ ᠪᠠᠶᠢᠰᠢᠩ ᠭᠠᠵᠠᠷ ᠬᠦᠷᠦᠨᠭᠭᠡ  ᠨᠡᠭᠡᠭᠡᠨ ᠬᠦᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠢᠨ ᠲᠠᠶᠢᠹᠤᠰᠧ ᠬᠣᠰᠢᠭᠤᠨ  ᠬᠤᠪᠢᠶᠠᠷᠢ ᠺᠣᠮᠫᠠᠨᠢ ᠠᠴᠠ 29 ᠤᠳᠠᠭ᠎ᠠ ᠵᠣᠭᠣᠰ ᠵᠢᠭᠡᠯᠡᠵᠦ᠂ ᠨᠡᠢᠢᠳᠡ 141.47 ᠲᠦᠮᠡᠨ ᠲᠥᠭᠥᠷᠢᠭ ᠪᠤᠯᠤᠨ᠎ᠠ᠃

 ᠲᠤᠰ ᠬᠣᠷᠢᠶᠠᠨ  ᠦᠵᠡᠬᠦ ᠪᠡᠷ᠂ ᠡᠩ ᠲᠡᠷᠢᠭᠦᠨ ᠳᠦ ᠬᠡᠯᠪᠡᠷᠢ ᠡᠴᠡ ᠨᠢ ᠦᠵᠡᠪᠡᠯ᠂ ᠰᠢᠯᠤᠭᠤᠨ ᠬᠥᠪᠡᠭᠡᠲᠦ ᠴᠠᠭᠠᠨ ᠬᠣᠰᠢᠭᠤᠨ  ×× ᠭᠡᠷ ᠪᠠᠶᠢᠰᠢᠩ ᠭᠠᠵᠠᠷ ᠭᠦᠷᠦᠨᠭᠭᠡ ᠨᠡᠭᠡᠭᠡᠨ ᠬᠦᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠢᠨ ᠲᠠᠶᠢᠹᠤᠰᠧ ᠬᠣᠰᠢᠭᠤᠨ  ᠬᠤᠪᠢᠶᠠᠷᠢ ᠺᠣᠮᠫᠠᠨᠢ ᠪᠣᠯ ᠬᠠᠤᠯᠢ ᠶᠣᠰᠣᠭᠠᠷ ᠪᠠᠶᠢᠭᠤᠯᠤᠭᠰᠠᠨ ᠬᠤᠪᠢᠶᠠᠷᠢ ᠺᠣᠮᠫᠠᠨᠢ ᠪᠣᠯᠤᠨ᠎ᠠ᠃ ᠭᠡᠪᠡᠴᠦ ᠡᠨᠡᠬᠦ ᠺᠤᠮᠫᠠᠨᠢ  ᠪᠠᠶᠢᠭᠤᠯᠤᠭᠰᠠᠨ ᠵᠣᠷᠢᠯᠭ᠎ᠠ᠂ ᠪᠣᠳᠠᠲᠠᠶ ᠡᠵᠡᠩᠨᠡᠯᠲᠡ ᠡᠴᠡ ᠨᠢ ᠦᠵᠡᠪᠡᠯ᠂ ᠭᠣᠣ ᠣᠪᠣᠭᠲᠤ᠂ ᠹᠠᠨ ᠤᠪᠤᠭᠲᠤ ᠨᠢᠭᠡᠳᠦᠭᠡᠷ᠂ ᠯᠢ ᠣᠪᠣᠭᠲᠤ᠂ ᠹᠠᠨ ᠤᠪᠤᠭᠲᠤ ᠬᠤᠶᠠᠳᠤᠭᠠᠷ ᠳᠥᠷᠪᠡᠨ ᠬᠥᠮᠦᠨ ᠪᠣᠯ ᠮᠥᠨ ᠴᠢᠨᠠᠷ ᠳᠡᠭᠡᠷ᠎ᠡ ᠪᠡᠨ ᠬᠣᠷᠰᠢᠨ ᠡᠵᠡᠩᠨᠡᠭᠰᠡᠨ ᠶᠠᠪᠤᠳᠠᠯ ᠪᠣᠯᠤᠨ᠎ᠠ᠃ ᠡᠷᠡᠭᠦᠦ ᠵᠢᠨ ᠬᠠᠤᠯᠢ ᠵᠢᠨ ᠮᠥᠨ ᠴᠢᠨᠠᠷᠲᠠᠶᠢᠯᠪᠤᠷᠢᠯᠠᠯᠲᠠ ᠵᠢᠨ ᠤᠨᠤᠯ ᠠᠴᠠ ᠦᠵᠡᠪᠡᠯ᠂ ᠯᠢ ᠣᠪᠣᠭᠲᠤ ᠵᠢᠨ ᠦᠢᠯᠡ ᠠᠵᠢᠯᠯᠠᠭ᠎ᠠ ᠵᠢᠨ ᠮᠥᠨ ᠴᠢᠨᠠᠷ ᠨᠢ ᠪᠤᠰᠤᠳ ᠬᠤᠷᠰᠢᠬᠴᠢ ᠵᠢᠨ ᠡᠳ᠋ ᠬᠥᠷᠥᠩᠭᠡ ᠵᠢᠨ ᠡᠷᠬᠡ ᠠᠰᠢᠭ ᠲᠤ ᠬᠠᠯᠳᠠᠭᠰᠠᠨ ᠶᠠᠪᠤᠳᠠᠯ ᠪᠣᠯᠤᠨ᠎ᠠ᠃ ᠳᠠᠷᠠᠭᠠᠯᠠᠪᠠᠯ᠂ ᠲᠤᠰ ᠬᠡᠷᠡᠭ ᠢ ᠳᠣᠲᠣᠭᠠᠳᠤ  ᠬᠠᠮᠠᠭᠠᠯᠠᠬᠤ ᠪᠠᠶᠢᠭᠤᠯᠭ᠎ᠠ ᠬᠡᠷᠡᠭ ᠪᠣᠯᠭᠠᠨ ᠳᠠᠩᠰᠠᠯᠠᠬᠤ ᠠᠴᠠ ᠡᠮᠦᠨ᠎ᠡ᠂ ᠯᠢ ᠣᠪᠣᠭᠲᠤ ᠨᠢᠭᠡᠨᠲᠡ ᠰᠢᠭᠦᠬᠦ ᠬᠣᠷᠢᠶᠠᠨ ᠳᠤ ᠢᠷᠭᠡᠨ ᠦ ᠬᠡᠷᠡᠭᠵᠠᠭᠠᠯᠳᠤᠯᠭ᠎ᠠ ᠭᠠᠷᠭᠠᠭᠰᠠᠨ ᠪᠥᠭᠡᠳ ᠰᠢᠭᠦᠬᠦ ᠬᠣᠷᠢᠶ᠎ᠠ ᠨᠢᠭᠡᠨᠲᠡ ᠬᠡᠷᠡᠭ ᠪᠤᠯᠭᠠᠨ ᠬᠦᠯᠢᠶᠡᠨ  ᠠᠪᠴᠠᠢ᠃ ᠬᠡᠷᠡᠭᠭᠡᠷᠡᠴᠢ ᠪᠠᠷᠢᠮᠲᠠ ᠠᠴᠠ ᠦᠵᠡᠪᠡᠯ᠂ ᠯᠢ ᠣᠪᠣᠭᠲᠤ ᠰᠢᠯᠤᠭᠤᠨ ᠬᠥᠪᠡᠭᠡᠲᠦ ᠴᠠᠭᠠᠨ ᠬᠣᠰᠢᠭᠤᠨ  ×× ᠭᠡᠷ ᠪᠠᠶᠢᠰᠢᠩ ᠭᠠᠵᠠᠷ ᠰᠢᠷᠣᠢ ᠵᠢᠨ ᠭᠦᠷᠦᠨᠭᠭᠡ  ᠨᠡᠭᠡᠭᠡᠨ ᠬᠦᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠢᠨ ᠲᠠᠶᠢᠹᠤᠰᠧ ᠬᠣᠰᠢᠭᠤᠨ  ᠬᠤᠪᠢᠶᠠᠷᠢ ᠺᠣᠮᠫᠠᠨᠢ ᠡᠴᠡ ᠵᠢᠭᠡᠯᠡᠭᠰᠡᠨ ᠵᠤᠭᠤᠰ ᠵᠢᠴᠢ ᠬᠤᠪᠢ ᠬᠥᠮᠦᠨ ᠦ  ᠪᠠᠩᠬᠢ ᠵᠢᠨ ᠵᠢᠭᠡᠯᠡᠯᠭᠡ ᠪᠡᠨ ᠪᠤᠴᠠᠭᠠᠬᠤ ᠳ᠋ᠦ ᠴᠥᠮ ᠨᠢᠭᠲᠠᠯᠠᠨ ᠪᠣᠳᠣᠭᠴᠢ ᠵᠢᠨ ᠲᠠᠨᠭᠰᠠᠨ ᠳᠤ ᠲᠡᠮᠳᠡᠭᠯᠡᠵᠦ᠂ ᠪᠡᠯᠡ ᠮᠥᠩᠭᠥ ᠵᠢᠨ ᠲᠣᠭ᠎ᠠ ᠬᠡᠮᠵᠢᠶ᠎ᠡ ᠵᠢᠴᠢ ᠵᠤᠭᠤᠰ ᠵᠠᠷᠤᠭᠰᠠᠨ ᠭᠠᠵᠠᠷ ᠢ ᠪᠢᠴᠢᠭᠭᠡᠷᠡᠴᠢ ᠪᠤᠯᠬᠤ ᠨᠢᠭᠲᠠᠯᠠᠨ ᠪᠣᠳᠣᠭᠴᠢ ᠵᠢᠨ ᠳᠠᠩᠰᠠ ᠪᠠᠷ ᠬᠡᠷᠡᠴᠢᠯᠡᠵᠦ ᠪᠤᠯᠤᠨ᠎ᠠ᠂ ᠲᠤᠰ ᠬᠡᠷᠡᠭᠮᠠᠷᠭᠤᠯᠳᠤᠭᠠᠨ ᠢ ᠢᠷᠭᠡᠨ ᠦ ᠬᠡᠷᠡᠭᠵᠢᠭᠤᠷᠠᠯᠳᠤᠭᠠᠨ ᠢ ᠰᠢᠶᠳᠪᠦᠷᠢᠯᠡᠬᠦ ᠲᠣᠭᠲᠠᠴᠠ ᠪᠠᠷ ᠳᠠᠮᠵᠢᠭᠤᠯᠤᠨ ᠰᠢᠶᠳᠪᠦᠷᠢᠯᠡᠵᠦ ᠪᠣᠯᠤᠨ᠎ᠠ᠂ ᠡᠷᠡᠭᠦᠦ ᠵᠢᠨ ᠬᠠᠤᠯᠢ ᠵᠢᠨ ᠪᠤᠯᠭᠤᠮᠵᠢᠲᠠᠢ ᠴᠢᠨᠠᠷ ᠵᠢᠴᠢ ᠣᠳᠣᠬᠠᠨ  ᠬᠠᠤᠯᠢ ᠪᠠᠷᠢᠯᠲᠠ ᠵᠢᠨ ᠲᠦᠷᠦ ᠵᠢᠨ ᠪᠤᠳᠤᠯᠭ᠎ᠠ ᠠᠴᠠ ᠦᠵᠡᠪᠡᠯ᠂ ᠲᠤᠰ ᠬᠡᠷᠡᠭ ᠢ ᠮᠦᠨ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠬᠦ ᠪᠡᠷ ᠳᠠᠮᠵᠢᠭᠤᠯᠤᠨ ᠰᠢᠢᠳᠪᠦᠷᠢᠯᠡᠬᠦ ᠨᠢ ᠲᠣᠬᠢᠷᠠᠮᠵᠢ ᠦᠭᠡᠢ ᠶᠤᠮ᠃ ᠡᠶᠢᠮᠦ ᠡᠴᠡ ᠲᠠᠶᠢᠹᠤᠰᠧ ᠬᠣᠰᠢᠭᠤᠨ  ᠠᠷᠠᠳᠪᠠᠶᠢᠴᠠᠭᠠᠬᠤ ᠬᠣᠷᠢᠶ᠎ᠠ ᠵᠢᠨ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰᠡᠷᠡᠭᠦᠦ ᠵᠢᠨ ᠵᠠᠷᠭᠤ ᠵᠢᠨ ᠬᠠᠤᠯᠢ︾ ᠵᠢᠨ ᠵᠠᠭᠤ ᠳᠠᠯᠠᠨ ᠨᠢᠭᠡᠳᠦᠭᠡᠷ ᠵᠦᠢᠯᠳᠥᠷᠪᠡᠳᠦᠭᠡᠷ ᠵᠤᠷᠪᠤᠰ᠂ ︽ᠠᠷᠠᠳᠪᠠᠶᠢᠴᠠᠭᠠᠬᠤ  ᠬᠤᠷᠢᠶ᠎ᠠ ᠵᠢᠨ ᠡᠷᠡᠭᠦᠦ ᠵᠢᠨ ᠵᠠᠷᠭᠤ ᠵᠢᠨ ᠳᠦᠷᠢᠮᠯᠡᠯ︵ᠲᠤᠷᠰᠢᠨ ᠬᠡᠷᠡᠭᠵᠢᠭᠦᠯᠬᠦ︶︾ ᠵᠢᠨ ᠳᠥᠷᠪᠡᠨ ᠵᠠᠭᠤ ᠭᠤᠷᠪᠠᠳᠤᠭᠠᠷ ᠵᠦᠢᠯᠬᠣᠶᠠᠳᠤᠭᠠᠷ ᠵᠤᠷᠪᠤᠰᠲᠣᠭᠲᠠᠭᠠᠯ ᠢ ᠦᠨᠳᠦᠰᠦᠯᠡᠨ ᠭᠠᠷᠭᠠᠭᠰᠠᠨ ᠦᠯᠦ ᠵᠠᠭᠠᠯᠳᠤᠬᠤ ᠲᠣᠭᠲᠠᠭᠠᠯ ᠨᠢ ᠵᠣᠬᠢᠰ ᠦᠭᠡᠢ ᠪᠢᠰᠢ ᠶᠤᠮ᠃

ᠲᠣᠰ ᠬᠣᠷᠢᠶ᠎ᠠ ᠳᠤᠭᠲᠠᠭᠠᠬᠤ ᠨᠢ᠄ ᠲᠠᠶᠢᠹᠤᠰᠧ ᠬᠣᠰᠢᠭᠤᠨ  ᠠᠷᠠᠳᠪᠠᠶᠢᠴᠠᠭᠠᠬᠤ ᠬᠣᠷᠢᠶ᠎ᠠ ᠵᠢᠨ ᠲᠠᠶᠢᠹᠤᠰᠧ ᠪᠠᠶᠢᠴᠠᠭᠠᠬᠤ ᠠᠯᠪᠠᠨ ᠵᠠᠭᠠᠯᠳᠤᠯᠭ᠎ᠠ ᠡᠷᠡᠭᠦᠸ  ᠥᠯᠥ ᠵᠠᠭᠠᠯᠳᠤᠬᠤ ︵2016︶1 ᠳ᠋ᠦ᠋ᠭᠡᠷ ᠲᠣᠭᠠᠲᠤ ᠥᠯᠥ ᠵᠠᠭᠠᠯᠳᠤᠬᠤ ᠲᠣᠭᠲᠠᠭᠠᠯ ᠢ ᠪᠠᠷᠢᠮᠲᠠᠯᠠᠨ᠎ᠠ᠃

 

                                

                                          2019 ᠣᠨ  12 ᠰᠠᠷ᠎ᠠ ᠵᠢᠨ 30  ᠡᠳᠦᠷ

 

 

 


ᠢᠷᠡᠯᠲᠡ
ᠦᠪᠡᠷᠲᠡᠭᠡᠨ ᠵᠠᠰᠠᠬᠤ ᠤᠷᠤᠨ  ᠠᠷᠠᠳᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro