ᠥᠪᠥᠷ ᠮᠣᠩᠭᠣᠯ  内蒙古

ᠥᠪᠥᠷ ᠮᠣᠩᠭᠣᠯᠥᠪᠡᠷᠲᠡᠭᠡᠨ ᠵᠠᠰᠠᠬᠤ ᠣᠷᠣᠨ  ᠠᠷᠠᠳᠪᠠᠶᠢᠴᠠᠭᠠᠬᠤ ᠬᠣᠷᠢᠶ᠎ᠠ ᠵᠢᠨ ᠡᠷᠡᠭᠦᠸ ᠵᠢᠨ ᠬᠡᠷᠡᠭᠭᠣᠮᠣᠳᠠᠯ ᠲᠣᠭᠠᠴᠢᠯᠲᠠ  ᠳᠠᠬᠢᠨ ᠪᠠᠶᠢᠴᠠᠭᠠᠬᠤ ᠲᠣᠭᠲᠠᠭᠠᠯᠪᠢᠴᠢᠭ

2020-12-29 12:04:07

ᠥᠪᠥᠷ ᠮᠣᠩᠭᠣᠯᠥᠪᠡᠷᠲᠡᠭᠡᠨ ᠵᠠᠰᠠᠬᠤ ᠣᠷᠣᠨ  ᠠᠷᠠᠳᠪᠠᠶᠢᠴᠠᠭᠠᠬᠤ ᠬᠣᠷᠢᠶ᠎ᠠ ᠵᠢᠨ ᠡᠷᠡᠭᠦᠸ ᠵᠢᠨ ᠬᠡᠷᠡᠭᠭᠣᠮᠣᠳᠠᠯ ᠲᠣᠭᠠᠴᠢᠯᠲᠠ  ᠳᠠᠬᠢᠨ ᠪᠠᠶᠢᠴᠠᠭᠠᠬᠤ ᠲᠣᠭᠲᠠᠭᠠᠯᠪᠢᠴᠢᠭ

                              ᠥᠪᠥᠷ ᠪᠠᠶᠢᠴᠠᠭᠠᠬᠤ ᠬᠤᠶᠠᠳᠤᠭᠠᠷ ᠬᠡᠯᠲᠡᠰ ᠡᠷᠡᠭᠦᠸ  ᠭᠤᠮᠤᠳᠠᠯ ᠳᠠᠬᠢᠨ ᠲᠤᠭᠲᠠᠭᠠᠯ ﹇2020﹈1 ᠳ᠋ᠦ᠋ᠭᠡᠷ ᠲᠣᠭᠠᠲᠤ

 

ᠭᠣᠮᠣᠳᠠᠯ ᠲᠣᠭᠠᠴᠢᠭᠴᠢ ᠹᠦ᠋ ᠣᠪᠣᠭᠲᠤ᠂ ᠡᠷᠡᠭᠲᠡᠶ᠂ ᠲᠥᠷᠥᠭᠰᠡᠨ ᠡᠳᠦᠷ ᠬᠤᠭᠤᠴᠠᠭ᠎ᠠ 1968 ᠣᠨ  ×× ᠰᠠᠷ᠎ᠠ ᠵᠢᠨ ××  ᠡᠳᠦᠷ᠂ ᠪᠡᠶ᠎ᠡ ᠵᠢᠨ ᠦᠨᠡᠮᠯᠡᠯᠨᠣᠮᠧᠷ 2323211968 ×××× ᠂ ᠬᠢᠲᠠᠳ ᠦᠨᠳᠦᠰᠦᠲᠡᠨ᠂ ᠲᠤᠰ ᠬᠡᠷᠡᠭᠬᠣᠣᠷᠯᠠᠭᠳᠠᠭᠴᠢ ᠯᠢᠦ ᠣᠪᠣᠭᠲᠤ ᠵᠢᠨ ᠬᠦᠦ ᠪᠣᠯᠤᠨ᠎ᠠ᠃

ᠭᠣᠮᠣᠳᠠᠯ ᠲᠣᠭᠠᠴᠢᠭᠴᠢ ᠹᠦ᠋ ᠣᠪᠣᠭᠲᠤ ᠵᠠᠩ ᠣᠪᠣᠭᠲᠤ ᠵᠢᠨ ᠵᠣᠷᠢᠭᠤᠳᠠ ᠬᠥᠮᠦᠨ ᠠᠯᠠᠭᠰᠠᠨ ᠰᠡᠵᠢᠭᠯᠡᠯᠲᠡᠢ ᠬᠡᠷᠡᠭ ᠲᠦ᠂ ᠬᠢᠩᠭᠠᠨ ᠠᠶᠢᠮᠠᠭᠪᠠᠶᠢᠴᠠᠭᠠᠬᠤ ᠬᠤᠪᠢᠶᠠᠷᠢ ᠬᠣᠷᠢᠶᠠᠨ  ᠥᠯᠥ ᠵᠠᠭᠠᠯᠳᠤᠬᠤ ᠲᠣᠭᠲᠠᠭᠠᠯ ᠢ ᠵᠥᠪᠰᠢᠶᠡᠷᠡᠬᠦ ᠦᠭᠡᠶ ᠪᠠᠶᠢᠵᠤ᠂ ᠳᠣᠲᠣᠭᠠᠳᠤ  ᠬᠠᠮᠠᠭᠠᠯᠠᠬᠤ ᠪᠠᠶᠢᠭᠤᠯᠭ᠎ᠠ ᠲᠤᠰ ᠬᠡᠷᠡᠭᠪᠣᠳᠠᠲᠤ ᠬᠡᠷᠡᠭ ᠢ ᠨᠢᠭᠡᠨᠲᠡ ᠪᠠᠶᠢᠴᠠᠭᠠᠨ ᠲᠤᠳᠤᠷᠬᠠᠶᠢᠯᠠᠪᠠ᠂ ᠵᠠᠩ ᠣᠪᠣᠭᠲᠤ ᠵᠢᠨ ᠡᠷᠡᠭᠦᠦ ᠵᠢᠨ ᠬᠠᠷᠢᠭᠤᠴᠠᠯᠭ᠎ᠠ  ᠬᠠᠤᠯᠢ ᠶᠣᠰᠣᠭᠠᠷ ᠨᠡᠬᠡᠮᠵᠢᠯᠡᠬᠦ ᠭᠡᠷᠡᠭᠲᠡᠢ ᠭᠡᠬᠦ ᠰᠢᠯᠲᠠᠭᠠᠨ ᠢᠶᠠᠷ ᠲᠤᠰ ᠬᠣᠷᠢᠶᠠᠨ ᠳᠤ ᠭᠣᠮᠣᠳᠠᠯ ᠲᠤᠭᠠᠴᠢᠪᠠ᠃

ᠳᠠᠬᠢᠨ ᠪᠠᠶᠢᠴᠠᠭᠠᠭᠠᠳ᠂ ᠲᠤᠰ ᠬᠡᠷᠡᠭᠲᠤᠬᠠᠶ ᠵᠢᠨ ᠲᠠᠯᠠᠪᠤᠷ ᠠᠴᠠ ᠭᠠᠷᠭᠠᠨ ᠠᠪᠤᠭᠰᠠᠨ ᠬᠤᠷᠤᠭᠤᠨ ᠬᠡ   ᠰᠢᠯᠭᠠᠨ ᠲᠣᠭᠲᠠᠭᠠᠬᠤ ᠪᠠᠷ ᠳᠠᠮᠵᠢᠨ᠂ ᠲᠤᠰ ᠬᠤᠷᠤᠭᠤᠨ ᠬᠡ ᠨᠢ ᠵᠠᠩ ᠣᠪᠣᠭᠲᠤ ᠵᠢᠨ ᠦᠯᠡᠳᠡᠭᠡᠭᠰᠡᠨ ᠪᠤᠯᠬᠤ  ᠮᠡᠳᠡᠯ᠎ᠡ᠃ ᠲᠤᠬᠠᠶ ᠵᠢᠨ ᠲᠠᠯᠠᠪᠤᠷᠬᠠᠵᠢᠨ ᠪᠠᠶᠢᠴᠠᠭᠠᠭᠰᠠᠨ ᠲᠡᠮᠳᠡᠭᠯᠡᠯ᠂ ᠳᠣᠲᠣᠭᠠᠳᠤ  ᠬᠠᠮᠠᠭᠠᠯᠠᠬᠤ ᠪᠠᠶᠢᠭᠤᠯᠭ᠎ᠠ ᠵᠢᠨ ᠡᠨᠡ ᠬᠦ ᠬᠤᠷᠤᠭᠤᠨ ᠬᠡ  ᠭᠠᠷᠭᠠᠨ ᠠᠪᠤᠭᠰᠠᠨ ᠲᠤᠬᠠᠢ ᠬᠡᠷᠡᠭ ᠰᠢᠢᠳᠪᠦᠷᠢᠯᠡᠭᠰᠡᠨ ᠲᠣᠳᠣᠷᠬᠠᠶᠢᠯᠠᠯᠲᠠ  ᠦᠨᠳᠦᠰᠦᠯᠡᠪᠡᠯ᠂ ᠡᠨᠡ ᠬᠤᠷᠤᠭᠤᠨ ᠬᠡ ᠪᠤᠯ ᠲᠤᠬᠠᠶ ᠵᠢᠨ ᠲᠠᠯᠠᠪᠤᠷᠰᠣᠨᠢᠨ ᠢᠶᠠᠷ ᠪᠠᠭᠯᠠᠭᠰᠠᠨ ᠬᠡᠷᠡᠯ ᠵᠢᠷᠤᠭᠬᠠᠮᠤᠭᠳᠡᠭᠡᠷ᠎ᠡ ᠲᠠᠯ᠎ᠠ ᠵᠢᠨ ᠬᠡᠷᠡᠯ ᠵᠢᠷᠤᠭ ᠠᠴᠠ ᠭᠠᠷᠭᠠᠨ ᠠᠪᠴᠠᠶ᠂ ᠬᠠᠷᠢᠨ ᠬᠣᠸᠷᠯᠠᠭᠳᠠᠭᠴᠢ ᠵᠢᠨ ᠪᠡᠶ᠎ᠡ᠂ ᠬᠤᠪᠴᠠᠰᠤ ᠬᠤᠨᠠᠷ᠂ ᠬᠡᠭᠦᠷ ᠢ ᠤᠶᠠᠵᠤ ᠪᠠᠶᠢᠭᠰᠠᠨ ᠴᠠᠬᠢᠯᠭᠠᠨ ᠤᠲᠠᠰᠤ᠂ ᠬᠡᠭᠦᠷ ᠰᠠᠪᠠᠯᠠᠭᠰᠠᠨ ᠤᠭᠤᠲᠠ ᠪᠤᠶᠤ ᠬᠡᠷᠡᠭ ᠬᠢᠬᠦ ᠳᠦ ᠬᠡᠷᠡᠭᠯᠡᠭᠰᠡᠨ ᠪᠠᠭᠠᠵᠢ ᠡᠴᠡ ᠭᠠᠷᠭᠠᠨ ᠠᠪᠤᠭᠰᠠᠨ ᠪᠢᠰᠢ᠃ ᠲᠤᠰ ᠣᠷᠣᠮᠪᠣᠳᠠᠰᠭᠡᠷᠡᠴᠢ ᠨᠢ ᠵᠠᠩ ᠣᠪᠣᠭᠲᠤ ᠵᠢᠨ ᠬᠤᠷᠤᠭᠤᠨ ᠬᠡ ᠪᠠᠶᠢᠬᠤ ᠬᠡᠷᠡᠯ ᠵᠢᠷᠤᠭ ᠲᠠᠢ ᠬᠦᠷᠦᠯᠴᠡᠵᠦ ᠦᠩᠭᠡᠷᠡᠭᠰᠡᠨ ᠢ ᠭᠡᠷᠡᠴᠢᠯᠡᠵᠦ ᠳᠡᠶᠢᠯᠦᠨ᠎ᠡ᠂ ᠭᠡᠪᠡᠴᠦ ᠵᠠᠩ ᠣᠪᠣᠭᠲᠤ ᠵᠢᠨ ᠬᠡᠵᠢᠶ᠎ᠡ᠂ ᠬᠠᠮᠢᠭ᠎ᠠ ᠭᠡᠷᠡᠯ ᠵᠢᠷᠤᠭ ᠲᠠᠶ ᠬᠦᠷᠦᠯᠴᠡᠭᠰᠡᠨ ᠢ ᠭᠡᠷᠡᠴᠢᠯᠡᠵᠦ ᠳᠡᠶᠢᠯᠬᠦ ᠦᠭᠡᠶ᠂ ᠮᠦᠨᠴᠦ ᠵᠠᠩ ᠣᠪᠣᠭᠲᠤ ᠵᠢᠨ ᠬᠡᠵᠢᠶ᠎ᠡ᠂ ᠶᠠᠮᠠᠷ ᠰᠢᠯᠲᠠᠭᠠᠨ ᠢᠶᠠᠷ ᠲᠤᠬᠠᠶ ᠵᠢᠨ ᠲᠠᠯᠠᠪᠤᠷ ᠲᠤ ᠬᠦᠷᠦᠭᠰᠡᠨ᠂ ᠲᠤᠬᠠᠶ ᠵᠢᠨ ᠲᠠᠯᠠᠪᠤᠷ ᠲᠤ ᠬᠦᠷᠦᠭᠰᠡᠨ ᠦ ᠳᠠᠷᠠᠭ᠎ᠠ ᠴᠤᠬᠤᠮ ᠶᠠᠮᠠᠷ ᠤᠴᠢᠷ ᠭᠠᠷᠤᠭᠰᠠᠨ ᠢ ᠭᠡᠷᠡᠴᠢᠯᠡᠵᠦ ᠳᠡᠶᠢᠯᠬᠦ ᠦᠭᠡᠶ︔ ᠵᠠᠩ ᠣᠪᠣᠭᠲᠤ ᠵᠢᠨ ᠠᠷᠪᠠᠨ ᠬᠡᠳᠦᠨ ᠤᠳᠠᠭᠠᠨ   ᠦᠴᠢᠭᠯᠡᠯ  ᠨᠢ ᠵᠠᠩᠭᠢᠯᠠᠭ᠎ᠠ ᠵᠢᠨ ᠪᠤᠲᠠᠳᠦ ᠶᠠᠪᠤᠳᠠᠯ ᠳᠡᠭᠡᠷ᠎ᠡ ᠪᠤᠰᠤᠳ ᠭᠡᠷᠡᠴᠢᠯᠡᠬᠦ ᠭᠡᠷᠡᠴᠢ ᠦᠭᠡᠢ᠂ ᠸᠠᠩ ᠣᠪᠣᠭᠲᠤ ᠪᠣᠯᠤᠨ ᠬᠣᠣᠷᠯᠠᠭᠳᠠᠭᠴᠢ ᠯᠢᠦ ᠣᠪᠣᠭᠲᠤ ᠨᠡᠷᠡᠨ ᠬᠤᠸᠠᠷᠦᠷ᠎ᠡ ᠵᠢᠨ ᠠᠷᠠᠯᠵᠢᠶ᠎ᠠ ᠬᠢᠭᠰᠡᠨ ᠡᠰᠡᠬᠦ  ᠪᠠᠭᠲᠠᠭᠠᠭᠰᠠᠨ ᠤᠴᠢᠷ ᠢ ᠴᠦ ᠭᠡᠷᠡᠴᠢᠯᠡᠵᠦ ᠳᠡᠶᠢᠯᠬᠦ ᠦᠭᠡᠶ᠂ ᠮᠦᠷᠲᠡᠭᠡᠨ ᠬᠣᠸᠷᠯᠠᠭᠳᠠᠭᠴᠢ ᠵᠢᠨ ᠲᠥᠷᠥᠯ ᠰᠠᠳᠤᠨ ᠨᠢ ᠴᠦ ᠬᠤᠶᠠᠷ ᠡᠷᠦᠬᠡ ᠠᠵᠤ ᠠᠬᠤᠶ ᠵᠢᠨ ᠶᠠᠪᠤᠯᠴᠠᠭ᠎ᠠ ᠲᠠᠶ ᠪᠠᠶᠢᠬᠤ  ᠮᠡᠳᠡᠷᠡᠭᠰᠡᠨ ᠦᠭᠡᠢ᠃ ᠡᠷᠡᠭᠦᠸ ᠵᠢᠨ ᠵᠠᠷᠭᠤ ᠵᠢᠨ ᠬᠠᠸᠯᠢ ᠳᠤ ᠵᠥᠪᠬᠡᠨ ᠵᠠᠭᠠᠯᠳᠤᠭᠳᠠᠭᠴᠢ ᠵᠢᠨ  ᠦᠴᠢᠭᠯᠡᠯ ᠪᠠᠶᠢᠭᠠᠳ ᠪᠤᠰᠤᠳ ᠭᠡᠷᠡᠴᠢ ᠪᠠᠷᠢᠮᠲᠠ ᠦᠭᠡᠢ ᠪᠠᠶᠢᠪᠠᠯ᠂ ᠵᠠᠭᠠᠯᠳᠤᠭᠳᠠᠭᠴᠢ  ᠶᠠᠯ᠎ᠠ ᠲᠠᠶ ᠭᠡᠵᠦ ᠮᠠᠭᠠᠳᠯᠠᠨ ᠲᠣᠭᠲᠠᠭᠠᠬᠤ ᠪᠠ ᠡᠷᠡᠭᠦᠸ ᠰᠢᠳᠬᠡᠯ ᠢᠶᠡᠷ ᠰᠢᠳᠬᠡᠵᠦ ᠪᠣᠯᠬᠤ ᠦᠭᠡᠢ ᠭᠡᠵᠦ ᠲᠣᠳᠣᠷᠬᠠᠶ ᠲᠣᠭᠲᠠᠭᠠᠵᠠᠶ᠃

ᠲᠤᠰ ᠬᠣᠷᠢᠶ᠎ᠠ ᠳᠠᠬᠢᠨ ᠪᠠᠶᠢᠴᠠᠭᠠᠭᠠᠳ᠂ ᠲᠤᠰ ᠬᠡᠷᠡᠭᠦᠯᠦ ᠵᠠᠭᠠᠯᠳᠤᠭᠳᠠᠭᠴᠢ ᠵᠠᠩ ᠣᠪᠣᠭᠲᠤ ᠵᠣᠷᠢᠭᠤᠳᠠ ᠬᠥᠮᠦᠨ ᠠᠯᠠᠭᠰᠠᠨ ᠢᠶᠡᠷ ᠰᠡᠵᠢᠭᠯᠡᠭᠳᠡᠭᠰᠡᠨ ᠬᠡᠷᠡᠭᠶᠠᠯ᠎ᠠ ᠬᠢᠭᠰᠡᠨ ᠪᠣᠳᠠᠲᠤ ᠶᠠᠪᠤᠳᠠᠯ ᠨᠢ ᠲᠣᠳᠣᠷᠬᠠᠢ ᠦᠭᠡᠢ᠂ ᠭᠡᠷᠡᠴᠢ ᠪᠠᠷᠢᠮᠲᠠ ᠨᠢ ᠦᠨᠡᠨ ᠮᠠᠭᠠᠳ ᠪᠦᠷᠢᠨ ᠭᠦᠢᠴᠡᠳ ᠭᠡᠷᠡᠴᠢᠯᠡᠬᠦ ᠪᠠᠷᠢᠮᠵᠢᠶ᠎ᠠ ᠳᠤ ᠬᠦᠷᠴᠦ ᠳᠡᠶᠢᠯᠬᠦ ᠦᠭᠡᠢ᠂ ᠭᠡᠷᠡᠴᠢ ᠪᠠᠷᠢᠮᠲᠠ ᠨᠢ ᠬᠣᠭᠣᠷᠣᠨᠳᠣ ᠪᠠᠨ ᠬᠠᠷᠢᠯᠴᠠᠨ ᠭᠡᠷᠡᠴᠢᠯᠡᠵᠦ ᠪᠣᠯᠬᠤ ᠦᠭᠡᠢ᠂ ᠪᠦᠷᠢᠨ ᠪᠦᠲᠦᠨ ᠭᠡᠷᠡᠴᠢᠯᠡᠬᠦ ᠰᠢᠰᠲ᠋ᠧᠮ ᠢ ᠪᠦᠷᠢᠯᠳᠦᠭᠦᠯᠵᠦ ᠴᠢᠳᠠᠬᠤ ᠦᠭᠡᠢ ᠭᠡᠵᠦ ᠦᠵᠡᠪᠡ᠃ ᠥᠪᠥᠷ ᠮᠣᠩᠭᠣᠯᠥᠪᠡᠷᠲᠡᠭᠡᠨ ᠵᠠᠰᠠᠬᠤ ᠣᠷᠣᠨ  ᠠᠷᠠᠳᠪᠠᠶᠢᠴᠠᠭᠠᠬᠤ ᠬᠣᠷᠢᠶ᠎ᠠ ᠵᠢᠨ ᠬᠢᠩᠭᠠᠨ ᠠᠶᠢᠮᠠᠭᠬᠤᠪᠢᠶᠠᠷᠢ ᠬᠣᠷᠢᠶ᠎ᠠ ᠵᠢᠨ ᠶᠠᠯᠠᠲᠦ ᠬᠡᠷᠡᠭᠰᠡᠵᠢᠭᠳᠡᠨ ᠵᠠᠩ ᠤᠪᠤᠭᠲᠤ ᠵᠢᠨ ᠵᠣᠷᠢᠭᠤᠳᠠ ᠬᠥᠮᠦᠨ ᠠᠯᠠᠭᠰᠠᠨ ᠬᠡᠷᠡᠭᠪᠣᠳᠠᠲᠤ ᠶᠠᠪᠤᠳᠠᠯ ᠨᠢ ᠲᠣᠳᠣᠷᠬᠠᠶ ᠦᠭᠡᠢ᠂ ᠭᠡᠷᠡᠴᠢ ᠪᠠᠷᠢᠮᠲᠠ ᠨᠢ ᠭᠦᠶᠴᠡᠳ ᠦᠭᠡᠢ ᠭᠡᠵᠦ ᠬᠢᠩᠭᠠᠨ ᠪᠠᠶᠢᠴᠠᠭᠠᠬᠤ ᠠᠯᠪᠠᠨ ᠡᠷᠡᠭᠦᠦ ᠦᠯᠦ ᠵᠠᠭᠠᠯᠳᠤᠬᠤ〔2019〕2 ᠳ᠋ᠤᠭᠠᠷ ᠲᠣᠭᠠᠲᠤ ᠦᠯᠦ ᠵᠠᠭᠠᠯᠳᠤᠬᠤ ᠲᠣᠭᠲᠠᠭᠠᠯᠪᠢᠴᠢᠭ ᠢᠶᠠᠷ ᠵᠠᠩ ᠣᠪᠣᠭᠲᠤ ᠳᠤ ᠥᠯᠥ ᠵᠠᠭᠠᠯᠳᠤᠬᠤ ᠲᠤᠭᠲᠠᠭᠠᠯ ᠭᠠᠷᠭᠠᠭᠰᠠᠨ ᠨᠢ ᠵᠥᠪ ᠪᠠᠵᠢᠨ᠎ᠠ᠃

ᠲᠣᠰ ᠬᠣᠷᠢᠶ᠎ᠠ ᠡᠴᠡ ᠲᠤᠭᠳᠠᠭᠠᠭᠰᠠᠨ ᠨᠢ᠄ ᠥᠪᠥᠷ ᠮᠣᠩᠭᠣᠯᠥᠪᠡᠷᠲᠡᠭᠡᠨ ᠵᠠᠰᠠᠬᠤ ᠣᠷᠣᠨ  ᠠᠷᠠᠳᠪᠠᠶᠢᠴᠠᠭᠠᠬᠤ ᠬᠣᠷᠢᠶ᠎ᠠ ᠵᠢᠨ ᠬᠢᠩᠭᠠᠨ ᠪᠠᠶᠢᠴᠠᠭᠠᠬᠤ ᠠᠯᠪᠠᠨ ᠡᠷᠡᠭᠦᠦ ᠦᠯᠦ ᠵᠠᠭᠠᠯᠳᠤᠬᠤ〔2019〕2 ᠳ᠋ᠤᠭᠠᠷ ᠲᠣᠭᠠᠲᠤ ᠦᠯᠦ ᠵᠠᠭᠠᠯᠳᠤᠬᠤ ᠲᠣᠭᠲᠠᠭᠠᠯᠪᠢᠴᠢᠭ ᠢ ᠪᠠᠷᠢᠮᠲᠠᠯᠠᠨ᠎ᠠ᠃

 

                                            2020 ᠣᠨ  3 ᠰᠠᠷ᠎ᠠ ᠵᠢᠨ 18  ᠡᠳᠦᠷ

 


ᠢᠷᠡᠯᠲᠡ
ᠦᠪᠡᠷᠲᠡᠭᠡᠨ ᠵᠠᠰᠠᠬᠤ ᠤᠷᠤᠨ  ᠠᠷᠠᠳᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro