ᠥᠪᠥᠷ ᠮᠣᠩᠭᠣᠯ  内蒙古

ᠥᠪᠥᠷ ᠮᠣᠩᠭᠣᠯᠥᠪᠡᠷᠲᠡᠭᠡᠨ ᠵᠠᠰᠠᠬᠤ ᠣᠷᠣᠨ  ᠠᠷᠠᠳᠪᠠᠶᠢᠴᠠᠭᠠᠬᠤ ᠬᠣᠷᠢᠶ᠎ᠠ ᠵᠢᠨ ᠡᠷᠡᠭᠦᠸ ᠵᠢᠨ ᠬᠡᠷᠡᠭᠭᠣᠮᠣᠳᠠᠯ ᠲᠣᠭᠠᠴᠢᠯᠲᠠ  ᠳᠠᠬᠢᠨ ᠪᠠᠶᠢᠴᠠᠭᠠᠬᠤ ᠲᠣᠭᠲᠠᠭᠠᠯᠪᠢᠴᠢᠭ

2020-12-29 12:03:26

ᠥᠪᠥᠷ ᠮᠣᠩᠭᠣᠯᠥᠪᠡᠷᠲᠡᠭᠡᠨ ᠵᠠᠰᠠᠬᠤ ᠣᠷᠣᠨ  ᠠᠷᠠᠳᠪᠠᠶᠢᠴᠠᠭᠠᠬᠤ ᠬᠣᠷᠢᠶ᠎ᠠ ᠵᠢᠨ ᠡᠷᠡᠭᠦᠸ ᠵᠢᠨ ᠬᠡᠷᠡᠭᠭᠣᠮᠣᠳᠠᠯ ᠲᠣᠭᠠᠴᠢᠯᠲᠠ  ᠳᠠᠬᠢᠨ ᠪᠠᠶᠢᠴᠠᠭᠠᠬᠤ ᠲᠣᠭᠲᠠᠭᠠᠯᠪᠢᠴᠢᠭ

                               ᠥᠪᠥᠷ ᠪᠠᠶᠢᠴᠠᠭᠠᠬᠤ ᠨᠢᠭᠡᠳᠦᠭᠡᠷ ᠬᠡᠯᠲᠡᠰ ᠡᠷᠡᠭᠦᠸ  ᠭᠤᠮᠤᠳᠠᠯ ᠳᠠᠬᠢᠨ  ᠳᠤᠭᠲᠠᠭᠠᠯ ﹇2020﹈1 ᠳ᠋ᠦ᠋ᠭᠡᠷ ᠲᠣᠭᠠᠲᠤ

 

ᠭᠣᠮᠣᠳᠠᠯ ᠲᠣᠭᠠᠴᠢᠭᠴᠢ ᠯᠢᠶᠠᠩ ᠣᠪᠣᠭᠲᠤ ᠨᠢᠭᠡᠳᠦᠭᠡᠷ᠂ ᠡᠷᠡᠭᠲᠡᠶ᠂ 64 ᠨᠠᠰᠤᠲᠠᠶ᠂ ᠬᠢᠲᠠᠳ ᠦᠨᠳᠦᠰᠦᠲᠡᠨ᠂ ᠠᠯᠠᠱᠠ ᠠᠶᠢᠮᠠᠭᠡᠵᠡᠨ᠎ᠡ ᠬᠣᠰᠢᠭᠤᠨ  ×× ᠲᠣᠪᠴᠢᠶ᠎ᠠ ᠡᠴᠡ ᠠᠵᠢᠯ ᠠᠴᠠ ᠪᠠᠨ ᠠᠮᠠᠷᠠᠪᠠ᠂ ᠤᠳᠤ ᠠᠯᠠᠱᠠ ᠵᠡᠭᠦᠨ ᠬᠤᠰᠢᠭᠤᠨ  ×× ᠬᠤᠷᠢᠶᠠᠯᠠᠯ×× ᠠᠰᠠᠷ×× ᠨᠢᠭᠡᠴᠡ ᠵᠢᠨ ×× ᠭᠡᠷ ᠲᠦ ᠰᠠᠭᠤᠵᠦ ᠪᠠᠵᠢᠨ᠎ᠠ᠃ ᠲᠤᠰ ᠭᠤᠮᠤᠳᠠᠯ ᠲᠤᠭᠠᠴᠢᠭᠴᠢ ᠪᠤᠯ ᠤᠤᠯ ᠬᠡᠷᠡᠭᠵᠠᠭᠠᠯᠳᠤᠭᠳᠠᠭᠴᠢ ᠪᠤᠯᠤᠨ᠎ᠠ᠃

ᠭᠣᠮᠣᠳᠠᠯ ᠲᠣᠭᠠᠴᠢᠭᠴᠢ ᠯᠢᠶᠠᠩ ᠣᠪᠣᠭᠲᠤ ᠨᠢᠭᠡᠳᠦᠭᠡᠷ ᠡᠵᠡᠨ᠎ᠡ ᠬᠤᠰᠢᠭᠤᠨ  ᠠᠷᠠᠳᠪᠠᠶᠢᠴᠠᠭᠠᠬᠤ ᠬᠣᠷᠢᠶᠠᠨ  ᠡᠴᠡ ᠲᠡᠭᠦᠨ ᠦ ᠦᠮᠦᠭᠡᠷᠡᠭᠰᠡᠨ ᠶᠠᠯ᠎ᠠ ᠵᠢᠨ ᠰᠡᠵᠢᠭᠯᠡᠯᠲᠡᠢ ᠬᠡᠷᠡᠭ ᠲᠦ ᠭᠠᠷᠭᠠᠭᠰᠠᠨ ᠵᠠᠭᠠᠯᠳᠤᠬᠤ ᠠᠴᠠ ᠬᠡᠯᠲᠦᠷᠢᠭᠦᠯᠬᠦ ᠲᠣᠭᠲᠠᠭᠠᠯ ᠢ ᠵᠥᠪᠰᠢᠶᠡᠷᠡᠬᠦ ᠦᠭᠡᠢ ᠪᠠᠶᠢᠵᠤ᠂ ᠲᠤᠰ ᠬᠡᠷᠡᠭᠵᠢᠷᠤᠮ ᠨᠢ ᠬᠠᠤᠯᠢ  ᠵᠦᠷᠢᠴᠡᠵᠦ᠂ ᠪᠣᠳᠠᠲᠤ ᠶᠠᠪᠤᠳᠠᠯ ᠨᠢ ᠲᠣᠳᠣᠷᠬᠠᠢ ᠦᠭᠡᠢ᠂ ᠭᠡᠷᠡᠴᠢ ᠪᠠᠷᠢᠮᠲᠠ ᠨᠢ ᠬᠤᠳᠠᠯ ᠬᠠᠭᠤᠷᠮᠠᠭ᠂ ᠲᠡᠭᠦᠨ ᠦ 2000 ᠲᠥᠭᠥᠷᠢᠭᠪᠠᠲᠤᠯᠠᠭ᠎ᠠ ᠠᠪᠴᠤ ᠰᠢᠭᠦᠯᠲᠡ ᠬᠦᠯᠢᠶᠡᠯᠭᠡᠬᠦ ᠪᠠᠲᠤᠯᠠᠭ᠎ᠠ ᠵᠢᠨ ᠮᠥᠩᠭᠥ  ᠤᠳᠤ ᠪᠤᠯᠲᠠᠯ᠎ᠠ ᠪᠤᠴᠠᠭᠠᠵᠤ ᠦᠭᠭᠦᠭᠡᠳᠦᠢ ᠭᠡᠳᠡᠭ ᠢᠶᠡᠷ ᠰᠢᠯᠲᠠᠭᠠᠨ  ᠪᠤᠯᠭᠠᠵᠤ᠂ ᠮᠠᠨ  ᠬᠤᠷᠢᠶᠠᠨ ᠳᠤ ᠡᠵᠡᠨ᠎ᠡ ᠬᠣᠰᠢᠭᠤᠨ  ᠠᠷᠠᠳᠪᠠᠶᠢᠴᠠᠭᠠᠬᠤ ᠬᠣᠷᠢᠶᠠᠨ  ︽ ᠵᠠᠭᠠᠯᠳᠤᠬᠤ ᠠᠴᠠ ᠬᠡᠯᠲᠦᠷᠢᠭᠦᠯᠬᠦ ᠲᠣᠭᠲᠠᠭᠠᠯᠪᠢᠴᠢᠭ︾ ᠪᠣᠯᠤᠨ ᠠᠯᠠᠱᠠ ᠠᠶᠢᠮᠠᠭ᠂ ᠡᠵᠡᠨ᠎ᠡ ᠬᠣᠰᠢᠭᠤ ᠬᠣᠶᠠᠷ ᠱᠠᠲᠤᠨ  ᠠᠷᠠᠳᠪᠠᠶᠢᠴᠠᠭᠠᠬᠤ ᠬᠣᠷᠢᠶᠠᠨ  ︽ᠡᠷᠡᠭᠦᠸ  ᠵᠢᠨ ᠬᠡᠷᠡᠭᠭᠣᠮᠣᠳᠠᠯ ᠲᠤᠭᠠᠴᠢᠯᠲᠠ   ᠳᠠᠬᠢᠨ ᠪᠠᠶᠢᠴᠠᠭᠠᠬᠤ ᠲᠣᠭᠲᠠᠭᠠᠯᠪᠢᠴᠢᠭ︾ ᠢ ᠬᠦᠴᠦᠨ ᠦᠭᠡᠶ ᠪᠤᠯᠭᠠᠵᠤ᠂ ᠲᠣᠰ ᠬᠡᠷᠡᠭ ᠢ ᠬᠠᠸᠯᠢ ᠶᠣᠰᠣᠭᠠᠷ ᠳᠠᠬᠢᠨ ᠪᠠᠶᠢᠴᠠᠭᠠᠵᠤ ᠵᠠᠯᠠᠷᠠᠭᠤᠯᠬᠤ ᠪᠠᠷ ᠭᠤᠶᠤᠴᠢᠯᠠᠵᠠᠶ᠃

ᠲᠤᠰ ᠬᠣᠷᠢᠶ᠎ᠠ ᠳᠠᠬᠢᠨ ᠪᠠᠶᠢᠴᠠᠭᠠᠭᠠᠳ ᠲᠣᠳᠣᠯᠠᠭᠰᠠᠨ ᠨᠢ᠄ 1995 ᠣᠨ ᠳᠤ ᠠᠯᠠᠱᠠ ᠠᠶᠢᠮᠠᠭᠡᠵᠡᠨ᠎ᠡ ᠬᠣᠰᠢᠭᠤᠨ  ᠪᠠᠶᠢᠴᠠᠭᠠᠬᠤ ᠬᠣᠷᠢᠶ᠎ᠠ ᠯᠢᠶᠠᠩ ᠣᠪᠣᠭᠲᠤ ᠬᠤᠶᠠᠳᠤᠭᠠᠷᠠᠵᠤ ᠠᠬᠤᠢ ᠵᠢᠨ ᠬᠡᠷᠡᠭ ᠢ ᠲᠤᠷᠰᠢᠨ ᠪᠠᠶᠢᠴᠠᠭᠠᠬᠤ ᠦᠶᠡᠰ᠂ ᠭᠣᠮᠣᠳᠠᠯ ᠲᠣᠭᠠᠴᠢᠭᠴᠢ ᠯᠢᠶᠠᠩ ᠣᠪᠣᠭᠲᠤ ᠨᠢᠭᠡᠳᠦᠭᠡᠷ ᠳᠡᠭᠦᠦ ᠯᠢᠶᠠᠩ ᠣᠪᠣᠭᠲᠤ ᠬᠤᠶᠠᠳᠤᠭᠠᠷ ᠢᠶᠡᠨ ᠬᠠᠪᠰᠤᠷᠤᠨ ᠬᠡᠰᠡᠭ ᠶᠠᠯ᠎ᠠ ᠵᠢᠨ ᠬᠠᠷᠢᠭᠤᠴᠠᠯᠭ᠎ᠠ ᠠᠴᠠ ᠵᠠᠶᠢᠯᠠᠭᠤᠯᠵᠤ᠂  ᠴᠣᠬᠢᠯᠲᠠ ᠠᠴᠠ ᠳᠤᠲᠠᠯᠭᠠᠬᠤ ᠵᠢᠨ ᠲᠦᠯᠦᠭᠡ᠂ ᠬᠡᠷᠡᠭ ᠲᠦ ᠬᠣᠯᠪᠣᠭᠳᠠᠭᠰᠠᠨ ᠭᠡᠷᠡᠴᠢᠯᠡᠭᠴᠢ ᠵᠢᠨ ᠭᠡᠷ ᠲᠦ ᠣᠯᠠᠨᠲᠠ ᠬᠦᠷᠴᠦ ᠭᠡᠷᠡᠴᠢᠯᠡᠭᠴᠢ  ᠵᠢᠭᠠᠨ ᠲᠤᠬᠢᠵᠤ ᠪᠠᠶᠢᠭᠠᠳ ᠡᠮᠦᠨᠡᠬᠢ ᠭᠡᠷᠡᠴᠢ ᠦᠭᠡ  ᠨᠢ ᠥᠭᠡᠷᠡᠴᠢᠯᠡᠭᠦᠯᠦᠭᠰᠡᠨ ᠪᠥᠭᠡᠳ ᠭᠡᠷᠡᠴᠢᠯᠡᠭᠴᠢ  ᠬᠠᠤᠯᠢ ᠪᠠᠷᠢᠬᠤ ᠪᠠᠶᠢᠭᠤᠯᠭ᠎ᠠ ᠳᠤ ᠦᠷᠭᠦᠯᠵᠢᠯᠡᠨ ᠬᠤᠳᠠᠯ ᠬᠠᠭᠤᠷᠮᠠᠭ ᠭᠡᠷᠡᠴᠢ ᠦᠭᠡ  ᠬᠠᠩᠭᠠᠯᠭᠤᠬᠤ ᠪᠠᠷ ᠱᠠᠭᠠᠷᠳᠠᠵᠤ᠂ ᠯᠢᠶᠠᠩ ᠣᠪᠣᠭᠲᠤ ᠬᠤᠶᠠᠳᠤᠭᠠᠷᠬᠡᠰᠡᠭ ᠠᠵᠤ ᠠᠬᠤᠶ ᠵᠢᠨ ᠠᠰᠠᠭᠤᠳᠠᠯ ᠢ ᠬᠠᠯᠬᠠᠯᠠᠭᠤᠯᠬᠤ  ᠭᠡᠵᠡᠢ᠃

ᠭᠣᠮᠣᠳᠠᠯ ᠲᠣᠭᠠᠴᠢᠭᠴᠢ ᠯᠢᠶᠠᠩ ᠣᠪᠣᠭᠲᠤ ᠨᠢᠭᠡᠳᠦᠭᠡᠷ ᠳᠡᠭᠦᠦ ᠪᠡᠨ ᠬᠠᠪᠰᠤᠷᠤᠨ ᠶᠠᠯ᠎ᠠ ᠵᠢᠨ ᠬᠠᠷᠢᠭᠤᠴᠠᠯᠭ᠎ᠠ ᠠᠴᠠ ᠵᠠᠶᠢᠯᠠᠭᠤᠯᠵᠤ᠂ ᠲᠤᠷᠰᠢᠨ ᠪᠠᠶᠢᠴᠠᠭᠠᠬᠤ ᠪᠠᠶᠢᠭᠤᠯᠭ᠎ᠠ ᠵᠢᠨ ᠴᠣᠬᠢᠯᠲᠠ ᠠᠴᠠ ᠳᠤᠲᠠᠯᠭᠠᠬᠤ ᠵᠢᠨ ᠲᠦᠯᠦᠭᠡ᠂ ᠭᠡᠷᠡᠴᠢᠯᠡᠭᠴᠢ  ᠵᠢᠭᠠᠨ ᠲᠤᠬᠢᠵᠤ ᠪᠠᠶᠢᠭᠠᠳ ᠬᠠᠥᠯᠢ ᠪᠠᠷᠢᠬᠤ ᠪᠠᠶᠢᠭᠤᠯᠭ᠎ᠠ ᠳᠤ ᠬᠤᠳᠠᠯ ᠬᠠᠭᠤᠷᠮᠠᠭ ᠭᠡᠷᠡᠴᠢ ᠦᠭᠡ ᠬᠠᠩᠭᠠᠯᠭᠠᠭᠰᠠᠨ ᠦᠢᠯᠡ ᠠᠵᠢᠯᠯᠠᠭ᠎ᠠ ᠨᠢ ︽ᠪᠦᠭᠦᠲᠡ ᠨᠠᠶᠢᠷᠠᠮᠳᠠᠬᠤ ᠲᠤᠮᠳᠠᠳᠦ ᠠᠷᠠᠳ ᠤᠯᠤᠰᠡᠷᠡᠭᠦᠦ ᠵᠢᠨ ᠬᠠᠥᠯᠢ︾ ︵1979︶ ᠵᠢᠨ ᠵᠠᠭᠤ ᠵᠢᠷᠠᠨ ᠬᠤᠶᠠᠳᠤᠭᠠᠷ ᠵᠦᠢᠯᠲᠤᠭᠳᠠᠭᠠᠯ ᠢ ᠵᠦᠷᠢᠴᠡᠵᠦ᠂ ᠦᠮᠦᠭᠡᠷᠡᠭᠰᠡᠨ ᠶᠠᠯ᠎ᠠ ᠪᠤᠯᠵᠤ ᠪᠦᠷᠢᠯᠳᠦᠪᠠ᠃ ᠭᠤᠮᠤᠳᠠᠯ ᠲᠤᠭᠠᠴᠢᠭᠴᠢ ᠯᠢᠶᠠᠩ ᠤᠪᠤᠭᠲᠤ ᠨᠢᠭᠡᠳᠦᠭᠡᠷ ᠶᠠᠯ᠎ᠠ ᠬᠢᠭᠰᠡᠨ ᠦᠴᠢᠭᠯᠡᠯ ᠶᠡᠷᠦ ᠬᠢᠭᠰᠡᠨ ᠦᠭᠡᠢ ᠪᠤᠯᠪᠠᠴᠦ᠂ ᠭᠡᠷᠡᠭ ᠳ᠋ᠡᠬᠢ ᠭᠡᠷᠡᠴᠢᠯᠡᠭᠴᠢ ᠵᠢᠨ ᠭᠡᠷᠡᠴᠢ ᠦᠭᠡ ᠵᠡᠷᠭᠡ ᠭᠡᠷᠡᠴᠢ ᠪᠠᠷᠢᠮᠲᠠ ᠨᠢ ᠲᠡᠭᠦᠨ ᠦ ᠦᠮᠦᠭᠡᠷᠡᠭᠰᠡᠨ ᠶᠠᠯᠠᠲᠦ ᠠᠵᠢᠯᠯᠠᠭ᠎ᠠ  ᠨᠢ ᠪᠦᠷᠢᠨ ᠬᠡᠷᠡᠴᠢᠯᠡᠵᠦ ᠳᠡᠶᠢᠯᠦᠨ᠎ᠡ᠂ ᠭᠡᠪᠡᠴᠦ ᠯᠢᠶᠠᠩ ᠤᠪᠤᠭᠲᠤ ᠨᠢᠭᠡᠲᠦᠭᠡᠷᠶᠠᠯ᠎ᠠ ᠬᠢᠭᠰᠡᠨ ᠦᠢᠯᠡ ᠪᠠᠶᠢᠳᠠᠯ ᠨᠢ ᠬᠦᠩᠭᠡᠬᠡᠨ ᠢ ᠪᠤᠳᠤᠯᠬᠢᠯᠠᠵᠤ᠂ ᠡᠵᠡᠨ᠎ᠡ ᠬᠤᠰᠢᠭᠤᠨ  ᠪᠠᠶᠢᠴᠠᠭᠠᠬᠤ ᠬᠤᠷᠢᠶ᠎ᠠ ︽ᠪᠦᠭᠦᠲᠡ ᠨᠠᠶᠢᠷᠠᠮᠳᠠᠬᠤ ᠲᠤᠮᠳᠠᠳᠦ ᠠᠷᠠᠳ ᠤᠯᠤᠰᠡᠷᠡᠭᠦᠦ ᠵᠢᠨ ᠵᠠᠷᠭᠤ ᠵᠢᠨ ᠬᠠᠥᠯᠢ︾ ︵1979︶ ᠵᠢᠨ ᠵᠠᠭᠤ ᠨᠢᠭᠡᠳᠦᠭᠡᠷ ᠵᠦᠢᠯᠲᠤᠭᠲᠠᠭᠠᠯ  ᠢ ᠦᠨᠳᠦᠰᠦᠯᠡᠨ ᠲᠡᠭᠦᠨ ᠢ ᠵᠠᠭᠠᠯᠳᠤᠬᠤ ᠠᠴᠠ ᠬᠡᠯᠲᠦᠷᠢᠭᠦᠯᠬᠦ  ᠪᠡᠷ ᠲᠤᠭᠲᠠᠭᠠᠬᠤ ᠳᠤ ᠳᠤᠬᠢᠷᠠᠭᠤᠯᠤᠨ ᠬᠡᠷᠡᠭᠯᠡᠭᠰᠡᠨ ᠬᠠᠥᠯᠢ ᠴᠠᠭᠠᠵᠠ ᠨᠢ ᠵᠦᠪ ᠪᠤᠯᠤᠨ᠎ᠠ᠃

ᠭᠣᠮᠣᠳᠠᠯ ᠲᠣᠭᠠᠴᠢᠭᠴᠢ ᠯᠢᠶᠠᠩ ᠣᠪᠣᠭᠲᠤ ᠨᠢᠭᠡᠳᠦᠭᠡᠷᠭᠠᠷᠭᠠᠭᠰᠠᠨ ᠭᠤᠮᠤᠳᠠᠯ ᠲᠤᠭᠠᠴᠢᠭᠰᠠᠨ ᠰᠢᠯᠲᠠᠭᠠᠨ ᠨᠢ ᠪᠠᠶᠢᠭᠤᠯᠤᠭᠳᠠᠬᠤ ᠦᠭᠡᠢ᠂ ᠡᠶᠢᠮᠦ ᠡᠴᠡ ᠡᠵᠡᠨ᠎ᠡ ᠬᠤᠰᠢᠭᠤᠨ  ᠪᠠᠶᠢᠴᠠᠭᠠᠬᠤ ᠬᠤᠷᠢᠶ᠎ᠠ ᠵᠢᠨ ᠭᠤᠮᠤᠳᠠᠯ ᠲᠤᠭᠠᠴᠢᠭᠴᠢ ᠯᠢᠶᠠᠩ ᠤᠪᠤᠭᠲᠤ ᠨᠢᠭᠡᠳᠦᠭᠡᠷ ᠢ ᠵᠠᠭᠠᠯᠳᠤᠬᠤ ᠠᠴᠠ ᠬᠡᠯᠳᠦᠷᠢᠭᠦᠯᠬᠦ ᠲᠤᠭᠲᠠᠭᠠᠯ ᠢ ᠪᠠᠷᠢᠮᠲᠠᠯᠠᠬᠤ ᠪᠠᠷ ᠲᠤᠭᠲᠠᠭᠠᠪᠠ᠃

   

                                            2020 ᠤᠨ  6 ᠰᠠᠷ᠎ᠠ ᠵᠢᠨ 22  ᠡᠳᠦᠷ


ᠢᠷᠡᠯᠲᠡ
ᠦᠪᠡᠷᠲᠡᠭᠡᠨ ᠵᠠᠰᠠᠬᠤ ᠤᠷᠤᠨ  ᠠᠷᠠᠳᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro