ᠦᠪᠦᠷ ᠮᠤᠩᠭᠤᠯᠪᠠᠶᠢᠴᠠᠭᠠᠬᠤ ᠪᠠᠶᠢᠭᠤᠯᠭ᠎ᠠ ᠬᠠᠥᠯᠢ ᠶᠤᠰᠤᠭᠠᠷ ᠮᠸᠩ ᡁᠢ ᠴᠢᠥᠸᠠᠨ ᠬᠠᠬᠤᠥᠯᠢ ᠢᠳᠡᠭᠰᠡᠨ ᠰᠡᠵᠢᠭᠯᠡᠯᠲᠡᠢ ᠬᠡᠷᠡᠭ ᠲᠦ ᠠᠯᠪᠠᠨ ᠵᠠᠭᠠᠯᠳᠤᠯᠭ᠎ᠠ ᠭᠠᠷᠭᠠᠪᠠ
ᠡᠮᠦᠨᠡᠬᠡᠨ᠂ ᠦᠪᠦᠷ ᠮᠤᠩᠭᠤᠯᠦᠪᠡᠷᠲᠡᠭᠡᠨ ᠵᠠᠰᠠᠬᠤ ᠤᠷᠤᠨ ᠪᠤᠭᠤᠲᠦ ᠵᠢᠨ ᠪᠤᠯᠤᠳ ᠲᠡᠮᠦᠷ ︵ ᠪᠦᠯᠦᠭᠯᠡᠯᠲᠦ︶ᠬᠢᠵᠠᠭᠠᠷᠲᠦ ᠬᠠᠷᠢᠭᠤᠴᠠᠯᠭᠠᠲᠦ ᠺᠤᠮᠫᠠᠨᠢ ᠵᠢᠨ ᠤᠤᠯᠨᠠᠮᠬᠤᠷᠢᠶᠠᠨ ᠱᠦᠵᠢ ᠮᠸᠩ ᡁᠢ ᠴᠢᠥᠸᠠᠨ ︵ᠳᠡᠳ᠋ ᠲᠢᠩᠬᠢᠮᠳᠡᠰ︶ ᠬᠠᠬᠤᠥᠯᠢ ᠢᠳᠡᠭᠰᠡᠨ ᠰᠡᠵᠢᠭᠯᠡᠯᠲᠡᠢ ᠬᠡᠷᠡᠭ ᠢ ᠦᠪᠦᠷ ᠮᠤᠩᠭᠤᠯᠦᠪᠡᠷᠲᠡᠭᠡᠨ ᠵᠠᠰᠠᠬᠤ ᠤᠷᠤᠨ ᠪᠠᠶᠢᠴᠠᠭᠠᠬᠤ ᠬᠤᠷᠢᠶ᠎ᠠ ᠬᠠᠷᠢᠶᠠᠯᠠᠯ ᠢ ᠵᠢᠭᠠᠨ ᠲᠤᠭᠲᠠᠭᠠᠵᠤ᠂ ᠪᠠᠶᠠᠨᠨᠠᠭᠤᠷ ᠬᠤᠲᠠ ᠵᠢᠨ ᠪᠠᠶᠢᠴᠠᠭᠠᠬᠤ ᠬᠤᠷᠢᠶ᠎ᠠ ᠠᠴᠠ ᠪᠠᠶᠠᠨᠨᠠᠭᠤᠷ ᠬᠤᠲᠠ ᠵᠢᠨ ᠲᠤᠮᠳᠠᠳᠦ ᠵᠡᠷᠭᠡ ᠵᠢᠨ ᠰᠢᠬᠦᠬᠦ ᠬᠤᠷᠢᠶᠠᠨ ᠳᠤ ᠠᠯᠪᠠᠨ ᠵᠠᠭᠠᠯᠳᠤᠯᠭ᠎ᠠ ᠭᠠᠷᠭᠠᠪᠠ᠃
ᠪᠠᠶᠢᠴᠠᠭᠠᠬᠤ ᠪᠠᠶᠢᠭᠤᠯᠭ᠎ᠠ ᠵᠠᠭᠠᠯᠳᠤᠬᠤ ᠬᠢᠨᠠᠨ ᠪᠠᠶᠢᠴᠠᠭᠠᠬᠤ ᠱᠠᠲᠦᠨ ᠳᠤ ᠵᠠᠭᠠᠯᠳᠤᠭᠳᠠᠭᠴᠢ ᠮᠸᠩ ᡁᠢ ᠴᠢᠥᠸᠠᠨ ᠡᠳ᠋ᠯᠡᠬᠦ ᠵᠠᠷᠭᠤᠯᠳᠤᠬᠤ ᠡᠷᠬᠡ ᠬᠠᠥᠯᠢ ᠶᠤᠰᠤᠭᠠᠷ ᠮᠡᠳᠡᠭᠳᠡᠵᠦ᠂ ᠲᠡᠭᠦᠨ ᠢ ᠬᠠᠥᠯᠢ ᠶᠤᠰᠤᠭᠠᠷ ᠰᠢᠭᠦᠨ ᠠᠰᠠᠭᠤᠵᠤ᠂ ᠦᠮᠦᠭᠯᠡᠭᠴᠢ ᠵᠢᠨ ᠰᠠᠨᠠᠨᠯ ᠢ ᠰᠤᠨᠤᠰᠴᠠᠢ᠃ ᠪᠠᠶᠠᠨᠨᠠᠭᠤᠷ ᠬᠤᠲᠠ ᠵᠢᠨ ᠪᠠᠶᠢᠴᠠᠭᠠᠬᠤ ᠬᠤᠷᠢᠶ᠎ᠠ ᠵᠠᠭᠠᠯᠳᠤᠭᠰᠠᠨ ᠨᠢ᠄ ᠵᠠᠭᠠᠯᠳᠤᠭᠳᠠᠭᠴᠢ ᠮᠸᠩ ᡁᠢ ᠴᠢᠥᠸᠠᠨ ᠪᠤᠭᠤᠲᠦ ᠬᠤᠲᠠ ᠵᠢᠨ ᠪᠤᠯᠤᠳ ᠲᠡᠮᠦᠷ ︵ ᠪᠦᠯᠦᠭᠯᠡᠯᠲᠦ︶ᠬᠢᠵᠠᠭᠠᠷᠲᠦ ᠬᠠᠷᠢᠭᠤᠴᠠᠯᠭᠠᠲᠦ ᠺᠤᠮᠫᠠᠨᠢ ᠵᠢᠨ ᠪᠤᠯᠤᠳ ᠬᠠᠶᠢᠯᠤᠭᠤᠯᠬᠤ ᠦᠢᠯᠡᠳᠪᠦᠷᠢ ᠵᠢᠨ ᠲᠠᠷᠤᠭ᠎ᠠ᠂ ᠶᠡᠷᠦᠩᠬᠡᠢ ᠲᠠᠭᠠᠭᠠᠮᠠᠯ ᠵᠢᠨ ᠲᠤᠰᠠᠯᠠᠭᠴᠢ᠂ ᠳᠡᠳ᠋ ᠶᠡᠷᠦᠩᠬᠡᠢ ᠳᠠᠭᠠᠭᠠᠮᠠᠯ᠂ ᠬᠡᠷᠡᠭ ᠮᠡᠳᠡᠭᠴᠢ᠂ ᠨᠠᠮᠬᠤᠷᠢᠶᠠᠨ ᠳᠡᠳ᠋ ᠱᠦᠵᠢ᠂ ᠤᠤᠯᠦᠪᠦᠷ ᠮᠤᠩᠭᠤᠯᠪᠤᠭᠤᠲᠦ ᠵᠢᠨ ᠪᠤᠯᠤᠳ ᠲᠡᠮᠦᠷᠬᠤᠪᠤᠷ ᠰᠢᠷᠦᠢ ᠵᠢᠨ ᠰᠢᠨ᠎ᠡ ᠳᠡᠭᠡᠲᠦ ᠮᠡᠷᠭᠡᠵᠢᠯᠬᠤᠪᠢ ᠤᠷᠤᠭᠤᠯᠤᠭᠰᠠᠨ ᠬᠢᠵᠠᠭᠠᠷᠲᠦ ᠺᠤᠮᠫᠠᠨᠢ ᠵᠢᠨ ᠶᠡᠷᠦᠩᠬᠡᠢ ᠳᠠᠭᠠᠭᠠᠮᠠᠯ᠂ ᠬᠡᠷᠡᠭ ᠮᠡᠳᠡᠭᠴᠢ᠂ ᠳᠡᠳ᠋ ᠬᠡᠷᠡᠭ ᠮᠡᠳᠡᠭᠴᠢ ᠵᠢᠨ ᠲᠠᠷᠤᠭ᠎ᠠ᠂ ᠬᠡᠷᠡᠭ ᠮᠡᠳᠡᠭᠴᠢ ᠵᠢᠨ ᠳᠠᠷᠤᠭ᠎ᠠ᠂ ᠨᠠᠮᠬᠤᠷᠢᠶᠠᠨ ᠱᠦᠵᠢ᠂ ᠦᠪᠦᠷ ᠮᠤᠩᠭᠤᠯᠪᠤᠭᠤᠲᠦ ᠵᠢᠨ ᠪᠤᠯᠤᠳ ᠲᠡᠮᠦᠷᠪᠤᠯᠤᠳ ᠵᠢᠨ ᠬᠤᠯᠪᠤᠭᠠᠲᠦ ᠬᠢᠵᠠᠭᠠᠷᠲᠦ ᠬᠠᠷᠢᠭᠤᠴᠠᠯᠭᠠᠲᠦ ᠺᠤᠮᠫᠠᠨᠢ ᠵᠢᠨ ᠶᠡᠷᠦᠩᠭᠬᠡᠢ ᠳᠠᠭᠠᠭᠠᠮᠠᠯ᠂ ᠬᠡᠷᠡᠭ ᠮᠡᠳᠡᠭᠴᠢ ᠵᠡᠷᠭᠡ ᠲᠤᠰᠢᠶᠠᠯᠳᠦᠭᠦᠮ ᠢᠶᠡᠨ ᠠᠰᠢᠭᠯᠠᠨ ᠪᠤᠰᠤᠳᠡᠳ᠋ ᠮᠦᠩᠭᠦ ᠨᠡᠬᠡᠨ ᠠᠪᠤᠭᠰᠠᠨ ᠪᠠ ᠬᠠᠥᠯᠢ ᠪᠤᠰᠤ ᠪᠠᠷ ᠬᠤᠷᠢᠶᠠᠨ ᠠᠪᠴᠦ᠂ ᠪᠤᠰᠤᠳ ᠲᠤ ᠠᠰᠢᠭ ᠲᠤᠰᠠ ᠤᠯᠭᠤᠭᠰᠠᠨ ᠲᠤᠭ᠎ᠠ ᠬᠡᠮᠵᠢᠶ᠎ᠡ ᠨᠢ ᠯᠤᠳᠦ ᠶᠡᠬᠡ ᠪᠠᠶᠢᠵᠤ᠂ ᠬᠠᠥᠯᠢ ᠶᠤᠰᠤᠭᠠᠷ ᠬᠠᠬᠤᠥᠯᠢ ᠢᠳᠡᠭᠰᠡᠨ ᠶᠠᠯ᠎ᠠ ᠪᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃