ᠠᠪᠠᠭ᠎ᠠ ᠬᠣᠰᠢᠭᠤᠨ ᠠᠷᠠᠳᠪᠠᠶᠢᠴᠠᠭᠠᠬᠤ ᠬᠣᠷᠢᠶᠠᠨ ᠵᠠᠭᠠᠯᠳᠤᠬᠤ ᠪᠢᠴᠢᠭ
ᠠᠪᠠᠭ᠎ᠠ ᠪᠠᠶᠢᠴᠠᠭᠠᠬᠤ ᠡᠷᠡᠭᠦᠦ ᠵᠠᠭᠠᠯᠳᠤᠬᠤ〔2021〕6 ᠳ᠋ᠤᠭᠠᠷ ᠲᠣᠭᠠᠲᠤ
ᠵᠠᠭᠠᠯᠳᠤᠭᠳᠠᠭᠴᠢ ᠳᠠ** ᠂ ᠡᠷᠡᠭᠲᠡᠢ ᠂ 1991 ᠣᠨ ** ᠰᠠᠷ᠎ᠠ ᠵᠢᠨ ** ᠡᠲᠦᠷ ᠲᠦᠷᠦᠵᠡᠢ ᠂ ᠪᠡᠶ᠎ᠡ ᠵᠢᠨ ᠦᠨᠡᠮᠯᠡᠯᠨᠣᠮᠸᠷ 1525231991********᠂ ᠡᠷᠦᠬᠡ ᠠᠮᠠ ᠪᠠᠶᠢᠭ᠎ᠠ ᠭᠠᠵᠠᠷ ᠄ ᠦᠪᠦᠷ ᠮᠤᠩᠭᠤᠯᠰᠢᠯᠢ ᠵᠢᠨ ᠭᠣᠣᠯ ᠠᠶᠢᠮᠠᠭ ᠤᠨ ᠰᠦᠨᠢᠳ ᠵᠡᠭᠦᠨ ᠬᠣᠰᠢᠭᠤ ᠮᠤᠩᠭᠤᠯ ᠂ ᠳᠤᠮᠳᠠ ᠵᠡᠷᠭᠡ ᠵᠢᠨ ᠲᠤᠰᠬᠠᠢ ᠮᠡᠷᠭᠡᠵᠢᠯᠰᠣᠶᠤᠯ ᠲᠠᠢ᠂ ᠰᠦᠨᠢᠳ ᠵᠡᠭᠦᠨ ᠬᠣᠰᠢᠭᠤᠨ ** ᠺᠣᠮᠫᠠᠨᠢ ᠵᠢᠨ ᠠᠵᠢᠯᠲᠠᠨ ᠣᠳᠤ ᠰᠦᠨᠢᠳ ᠵᠡᠭᠦᠨ ᠬᠣᠰᠢᠭᠤᠨ ** ᠪᠠᠯᠭᠠᠰᠤᠨ ** ᠲᠣᠭᠤᠷᠢᠭ** ᠠᠰᠠᠷ** ᠨᠢᠭᠡᠴᠡ ᠵᠢᠨ ** ᠳᠦ ᠰᠠᠭᠤᠵᠤ ᠪᠤᠢ᠂ ᠶᠠᠯᠠᠯᠠᠭᠳᠠᠵᠤ ᠦᠩᠭᠡᠷᠡᠭᠰᠡᠨ ᠦᠭᠡᠢ᠃ 2020 ᠣᠨ 3 ᠰᠠᠷ᠎ᠠ ᠵᠢᠨ 16 ᠡᠳᠦᠷ ᠠᠶᠤᠯᠲᠠᠢ ᠵᠢᠯᠤᠭᠤᠳᠤᠭᠰᠠᠨ ᠶᠠᠯ᠎ᠠ ᠵᠢᠨ ᠰᠡᠵᠢᠭᠯᠡᠯ ᠢᠶᠡᠷ ᠠᠪᠠᠭ᠎ᠠ ᠬᠣᠰᠢᠭᠤᠨ ᠳᠣᠲᠤᠭᠠᠳᠤ ᠬᠠᠮᠠᠭᠠᠯᠠᠬᠤ ᠲᠤᠪᠴᠢᠶᠠᠨ ᠳᠤ ᠬᠠᠤᠯᠢ ᠶᠣᠰᠤᠭᠠᠷ ᠪᠠᠲᠤᠯᠠᠭ᠎ᠠ ᠠᠪᠴᠦ ᠰᠢᠭᠦᠯᠲᠡ ᠬᠦᠯᠢᠶᠡᠬᠦ ᠭᠠᠷ ᠭᠦᠢᠴᠡᠳᠭᠡᠯ ᠬᠢᠪᠡ᠃ 2021 ᠣᠨ 2 ᠰᠠᠷ᠎ᠠ ᠵᠢᠨ 24 ᠤ ᠡᠳᠦᠷ ᠮᠠᠨ ᠬᠣᠷᠢᠶᠠᠨ ᠳᠤ ᠳᠠᠬᠢᠨᠲᠠ ᠪᠠᠲᠤᠯᠠᠭ᠎ᠠ ᠠᠪᠴᠤ ᠰᠢᠭᠦᠯᠲᠡ ᠶᠢ ᠭᠠᠷ ᠭᠦᠢᠴᠡᠳᠭᠡᠯ ᠬᠢᠪᠡ᠃
ᠲᠤᠰ ᠬᠡᠷᠡᠭ ᠢ ᠠᠪᠠᠭ᠎ᠠ ᠬᠣᠰᠢᠭᠤᠨ ᠳᠣᠲᠤᠭᠠᠳᠤ ᠬᠠᠮᠠᠭᠠᠯᠠᠬᠤ ᠲᠣᠷᠰᠢᠨ ᠪᠠᠶᠢᠴᠠᠭᠠᠵᠤ ᠳᠠᠭᠤᠰᠬᠠᠭᠠᠳ᠂ ᠵᠠᠭᠠᠯᠳᠤᠭᠳᠠᠭᠴᠢ ᠳᠠ ** ᠠᠶᠤᠯᠲᠠᠢ ᠵᠢᠯᠤᠭᠤᠳᠤᠭᠰᠠᠨ ᠶᠠᠯ᠎ᠠ ᠵᠢᠨ ᠰᠡᠵᠢᠭᠯᠡᠯ ᠢᠶᠡᠷ ᠂ 2021 ᠣᠨ ᠤ 2 ᠰᠠᠷ᠎ᠠ ᠵᠢᠨ 24 ᠤ ᠡᠳᠦᠷ ᠮᠠᠨ ᠬᠣᠷᠢᠶᠠᠨ ᠳᠤ ᠬᠢᠨᠠᠨ ᠵᠠᠭᠠᠯᠳᠤᠭᠤᠯᠬᠤ ᠪᠡᠷ ᠰᠢᠯᠵᠢᠭᠦᠯᠦᠨ ᠢᠷᠡᠭᠦᠯᠵᠡᠢ ᠃ ᠲᠤᠰ ᠬᠤᠷᠢᠶ᠎ᠠ ᠬᠡᠷᠡᠭ ᠢ ᠬᠦᠯᠢᠶᠡᠨ ᠠᠪᠤᠭᠰᠠᠨ ᠳᠠᠷᠠᠭ᠎ᠠ᠂ 2021 ᠣᠨ ᠤ 2 ᠰᠠᠷ᠎ᠠ ᠵᠢᠨ 24 ᠡᠳᠦᠷ ᠵᠠᠭᠠᠯᠳᠤᠭᠳᠠᠭᠴᠢ ᠳᠤ ᠦᠮᠦᠭᠯᠡᠭᠴᠢ ᠵᠠᠯᠠᠬᠤ ᠡᠷᠬᠡ ᠲᠠᠢ ᠪᠠ ᠶᠠᠯ᠎ᠠ ᠪᠠᠨ ᠮᠡᠳᠡᠷᠡᠵᠤ ᠰᠢᠳᠭᠡᠯ ᠢ ᠬᠦᠯᠢᠶᠡᠬᠦ ᠵᠢᠨ ᠬᠠᠤᠯᠢ ᠵᠢᠨ ᠦᠷ᠎ᠡ ᠨᠦᠯᠦᠭᠡ ᠶᠢ ᠮᠡᠳᠡᠭᠳᠡᠵᠤ᠂ ᠬᠣᠣᠷᠯᠠᠭᠳᠠᠭᠴᠢ ᠳᠦ ᠵᠠᠷᠭᠤ ᠵᠢᠨ ᠣᠷᠤᠯᠠᠭᠴᠢ ᠨᠠᠶᠢᠳᠠᠬᠤ ᠡᠷᠬᠡ ᠲᠠᠢ ᠭᠡᠵᠤ ᠮᠡᠳᠡᠭᠳᠡᠪᠡ᠃ ᠵᠠᠭᠠᠯᠳᠤᠭᠳᠠᠭᠴᠢ ᠶᠢ ᠰᠢᠭᠦᠨ ᠠᠰᠠᠭᠤᠵᠤ᠂ ᠵᠠᠭᠠᠯᠳᠤᠭᠳᠠᠭᠴᠢ ᠪᠠ ᠵᠢᠵᠢᠭᠦᠷᠯᠡᠭᠴᠢ ᠬᠠᠤᠯᠢᠴᠢ ᠵᠢᠨ ᠰᠠᠨᠠᠯ ᠢ ᠰᠣᠨᠤᠰᠴᠤ᠂ ᠪᠦᠬᠦ ᠬᠡᠷᠡᠭ ᠦᠨ ᠮᠠᠲᠸᠷᠢᠶᠠᠯ ᠢ ᠬᠢᠨᠠᠨ ᠪᠠᠶᠢᠴᠠᠭᠠᠪᠠ ᠃ ᠵᠠᠭᠠᠯᠳᠤᠭᠳᠠᠭᠴᠢ ᠳᠠ** ᠲᠦᠷᠭᠡᠨ ᠵᠢᠷᠤᠮ ᠢ ᠬᠡᠷᠡᠭᠯᠡᠵᠤ ᠰᠢᠭᠦᠨ ᠲᠠᠰᠤᠯᠬᠤ ᠵᠦᠪᠰᠢᠶᠡᠷᠡᠪᠡ᠃
ᠬᠠᠤᠯᠢ ᠶᠣᠰᠤᠭᠠᠷ ᠬᠢᠨᠠᠨ ᠪᠠᠶᠢᠴᠠᠭᠠᠵᠤ ᠲᠤᠳᠤᠯᠠᠭᠰᠠᠨ ᠨᠢ ᠄ 2020 ᠣᠨ 3 ᠰᠠᠷ᠎ᠠ ᠵᠢᠨ 7 ᠦ ᠦᠷ3 ᠴᠠᠭ ᠤᠨ ᠦᠶ᠎ᠡ ᠪᠡᠷ᠂ ᠵᠠᠭᠠᠯᠳᠤᠭᠳᠠᠭᠴᠢ ᠳᠠ** ᠠᠷᠢᠬᠢᠨ ᠳᠤ ᠰᠣᠭᠲᠤᠭᠰᠠᠨ ᠳᠠᠷᠠᠭ᠎ᠠ 蒙H***** ᠨᠣᠮᠸᠷᠲᠤ ᠪᠠᠭ᠎ᠠ ᠵᠢᠯᠤᠭᠤᠳᠤᠨ ** ᠪᠠᠯᠭᠠᠰᠤᠨ ᠮᠦᠩᠭᠦᠨ ᠠᠶᠠᠭᠠᠨ ᠲᠣᠨᠤᠯᠵᠢᠨ ᠵᠠᠮᠬᠢᠵᠢᠭ ᠢ ᠰᠡᠷᠭᠡᠶᠢᠯᠡᠵᠤ ᠪᠠᠶᠢᠴᠠᠭᠠᠬᠤ ᠭᠠᠵᠠᠷ ᠬᠦᠷᠦᠭᠡᠳ ᠲᠡᠷᠭᠡ ᠪᠡᠨ ᠤᠬᠤᠷᠢᠭᠤᠯᠬᠤ ᠦᠶᠡᠰ ᠵᠣᠭᠰᠤᠵᠤ ᠪᠠᠶᠢᠭᠰᠠᠨ蒙H***** ᠨᠣᠮᠸᠷᠲᠤ ᠪᠠᠭ᠎ᠠ ᠮᠦᠷᠭᠦᠭᠡᠳ ᠵᠢᠵᠢᠭᠦᠷᠯᠡᠵᠤ ᠪᠠᠶᠢᠭᠰᠠᠨ ᠴᠠᠭᠳᠠᠭ᠎ᠠ ᠳᠤ ᠪᠠᠶᠢᠴᠠᠭᠠᠭᠳᠠᠪᠠ᠂ ᠲᠤᠰ ᠭᠡᠨᠡᠳᠡᠯᠬᠡᠷᠡᠭ ᠲᠦ ᠵᠠᠭᠠᠯᠳᠤᠭᠳᠠᠭᠴᠢ ᠳᠠ** ᠪᠦᠬᠦ ᠬᠠᠷᠢᠭᠤᠴᠠᠯᠭ᠎ᠠ ᠡᠭᠦᠷᠭᠡᠯᠡᠨ᠎ᠡ᠃ ᠰᠢᠯᠢ ᠵᠢᠨ ᠭᠣᠣᠯ ᠠᠶᠢᠮᠠᠭᠮᠣᠩᠭᠤᠯ ᠡᠮᠨᠡᠯᠭᠡ ᠵᠢᠨ ᠬᠣᠷᠢᠶᠠᠨ ᠬᠠᠤᠯᠢ ᠴᠠᠭᠠᠵᠠ ᠵᠢᠨ ᠬᠢᠨᠠᠨ ᠲᠤᠭᠲᠠᠭᠠᠬᠤ ᠲᠥᠪ ᠡᠴᠡ ᠳᠠ** ᠵᠢᠨ ᠳᠤ ᠰᠢᠯᠭᠠᠨ ᠪᠠᠶᠢᠴᠠᠭᠠᠯᠲᠠ ᠬᠢᠭᠡᠳ᠂ ᠴᠢᠰᠤᠨ ᠳ᠋ᠡᠬᠢ ᠰᠫᠢᠷᠲᠬᠡᠮᠵᠢᠶᠡ ᠨᠢ 153.14 mg/100 ml ᠪᠠᠶᠢᠵᠤ᠂ ᠠᠷᠢᠬᠢᠨ ᠳᠤ ᠰᠣᠭᠲᠤᠭᠰᠠᠨ ᠳᠤ ᠲᠣᠭᠠᠴᠢᠭᠳᠠᠨ᠎ᠠ᠃
ᠳᠡᠭᠡᠷᠡᠬᠢ ᠪᠤᠳᠠᠳᠤ ᠶᠠᠪᠤᠳᠠᠯ ᠢ ᠨᠣᠲᠠᠯᠠᠬᠤ ᠭᠡᠷᠡᠴᠢ ᠪᠠᠷᠢᠮᠳᠠ᠄ ᠬᠡᠷᠡᠭ ᠬᠦᠯᠢᠶᠡᠨ ᠠᠪᠤᠭᠰᠠᠨ ᠳᠠᠩᠰᠠᠯᠠᠯ᠂ ᠵᠠᠭᠠᠯᠳᠤᠭᠳᠠᠭᠴᠢ ᠵᠢᠨ ᠪᠠᠷᠢᠭᠳᠠᠭᠰᠠᠨ ᠦᠩᠭᠡᠷᠡᠯᠲᠡ᠂ ᠡᠷᠦᠬᠡ ᠠᠮᠠ ᠵᠢᠨ ᠭᠡᠷᠡᠴᠢ᠂ ᠬᠡᠮᠵᠢᠶᠡᠨ ᠦ ᠭᠡᠷᠡᠴᠢ᠂ ᠲᠡᠷᠭᠡ ᠶᠠᠪᠤᠬᠤ ᠦᠨᠡᠮᠯᠡᠯᠬᠠᠭᠤᠯᠪᠤᠷᠢ᠂ ᠰᠢᠳᠭᠡᠯᠲᠣᠭᠲᠠᠭᠠᠯᠪᠢᠴᠢᠭ᠂ ᠶᠠᠯ᠎ᠠ ᠪᠠᠨ ᠮᠡᠳᠡᠷᠡᠵᠤ ᠰᠢᠳᠭᠡᠯ ᠢ ᠬᠦᠯᠢᠶᠡᠪᠡᠯ ᠠᠭᠤᠴᠢᠯᠠᠨ ᠰᠢᠳᠭᠡᠬᠦ ᠳᠦᠷᠢᠮ ᠢ ᠬᠡᠷᠡᠭᠯᠡᠬᠦ ᠵᠦᠪᠰᠢᠶᠡᠷᠡᠬᠦ ᠰᠠᠨᠠᠯᠪᠢᠴᠢᠭ ᠂ ᠬᠡᠯᠡᠯᠴᠡᠭᠡᠷᠪᠢᠴᠢᠭ᠂ ᠪᠠᠷᠢᠮᠳᠠ᠂ ᠠᠭᠤᠴᠢᠯᠠᠯᠪᠢᠴᠢᠭ ᠵᠡᠷᠭᠡ ᠪᠢᠴᠢᠭᠭᠡᠷᠡᠴᠢ︔ ᠬᠣᠣᠷᠯᠠᠭᠳᠠᠭᠴᠢ ᠡ** ᠵᠢᠨ ᠲᠣᠭᠠᠴᠢᠯᠲᠠ︔ ᠭᠡᠷᠡᠴᠢᠯᠡᠭᠴᠢ ᠬᠠ ** ᠵᠢᠨ ᠭᠡᠷᠡᠴᠢ ᠦᠭᠡ ︔ ᠴᠢᠰᠤᠨ ᠳ᠋ᠡᠬᠢ ᠪᠢᠴᠢᠭ᠂ ᠵᠠᠮ ᠬᠠᠷᠢᠯᠴᠠᠭᠠᠨ ᠭᠡᠨᠡᠳᠡᠯ ᠢ ᠮᠠᠭᠠᠳᠯᠠᠨ ᠲᠤᠭᠲᠠᠭᠠᠭᠰᠠᠨ ᠪᠢᠴᠢᠭ︔ ᠪᠠ ᠰᠡᠭᠦᠳᠡᠷ ᠪᠠᠵᠢᠨ᠎ᠠ᠃
ᠳᠡᠭᠡᠷᠡᠬᠢ ᠭᠡᠷᠡᠴᠢ ᠪᠠᠷᠢᠮᠳᠠ ᠴᠤᠭᠯᠠᠭᠤᠯᠤᠭᠰᠠᠨ ᠵᠢᠷᠤᠮ ᠨᠢ ᠬᠠᠤᠯᠢ ᠵᠢᠨ ᠲᠤᠭᠲᠠᠭᠠᠯ ᠳᠤ ᠨᠡᠶᠢᠴᠡᠵᠤ᠂ ᠠᠭᠤᠯᠭ᠎ᠠ ᠨᠢ ᠪᠣᠰᠤᠳᠴᠢ ᠦᠨᠡᠨ ᠪᠣᠳᠠᠲᠠᠢ᠂ ᠵᠠᠭᠠᠯᠳᠤᠭᠰᠠᠨ ᠶᠠᠯᠠᠲᠤ ᠬᠡᠷᠡᠭ ᠢ ᠭᠡᠷᠡᠴᠢᠯᠡᠵᠤ ᠳᠡᠶᠢᠯᠦᠨ᠎ᠡ᠃ ᠵᠠᠭᠠᠯᠳᠤᠭᠳᠠᠭᠴᠢ ᠳᠠ** ᠵᠠᠭᠠᠯᠳᠤᠭᠰᠠᠨ ᠶᠠᠯᠠᠲᠤ ᠬᠡᠷᠡᠭ ᠪᠠ ᠭᠡᠷᠡᠴᠢ ᠪᠠᠷᠢᠮᠳᠠ ᠳᠤ ᠰᠠᠨᠠᠯ ᠦᠭᠡᠢ᠂ ᠰᠠᠵᠢᠨ ᠳᠤᠷ᠎ᠠ ᠠᠴᠠ ᠪᠠᠨ ᠶᠠᠯ᠎ᠠ ᠪᠠᠨ ᠮᠡᠳᠡᠷᠡᠵᠤ᠂ ᠰᠢᠳᠭᠡᠯ ᠢ ᠬᠦᠯᠢᠶᠡᠨ᠎ᠡ᠃
ᠳᠠ** ᠬᠠᠶᠢᠬᠤᠷᠬᠤ ᠦᠭᠡᠢ ᠰᠣᠭᠲᠤᠭᠤ ᠪᠠᠷ ︽ ︾ ᠵᠠᠭᠠᠯᠳᠤᠭᠳᠠᠭᠴᠢ ᠳᠠ** ᠶᠠᠯ᠎ᠠ ᠪᠠᠨ ᠮᠡᠳᠡᠷᠡᠵᠤ ᠰᠢᠳᠭᠡᠯ ᠬᠦᠯᠢᠶᠡᠬᠦ ᠲᠤᠯᠠ ︽ ︾ ᠠᠷᠪᠠᠨ ᠲᠠᠪᠤᠳᠤᠭᠠᠷ ᠵᠦᠢᠯᠲᠤᠭᠲᠠᠭᠠᠯ ᠢ ᠦᠨᠳᠦᠰᠦᠯᠡᠨ ᠠᠭᠤᠴᠢᠯᠠᠨ ᠰᠢᠳᠭᠡᠵᠤ ᠪᠣᠯᠤᠨ᠎ᠠ᠃ ︽ ︾ ᠵᠢᠷᠭᠤᠳᠤᠭᠠᠷ ᠬᠣᠶᠠᠳᠤᠭᠠᠷ ᠵᠣᠷᠪᠤᠰᠲᠤᠭᠲᠠᠭᠠᠯ
ᠡᠭᠦᠨ ᠦ ᠲᠤᠯᠠ
ᠠᠪᠠᠭ᠎ᠠ ᠬᠣᠰᠢᠭᠤᠨ ᠠᠷᠠᠳᠰᠢᠬᠦᠬᠦ ᠬᠣᠷᠢᠶᠠᠨ ᠳᠤ
ᠪᠠᠶᠢᠴᠠᠭᠠᠭᠴᠢ ᠄ ᠾᠦᠸ᠋ᠸ ᠲᠠᠨ᠎ᠠ
2021 ᠤᠨ 3 ᠰᠠᠷ᠎ᠠ ᠵᠢᠨ 1 ᠡᠳᠦᠷ
ᠲᠠᠭᠠᠯᠳᠤᠭᠤᠯᠤᠯ ᠄
1. ᠵᠠᠭᠠᠯᠳᠤᠭᠳᠠᠭᠴᠢ ᠳᠠ** ᠥᠪᠡᠷᠰᠠᠭᠤᠭᠠ ᠭᠡᠷ ᠲᠦ ᠪᠡᠨ ᠪᠠᠲᠤᠯᠠᠭ᠎ᠠ ᠠᠪᠴᠦ ᠰᠢᠭᠦᠯᠲᠡ ᠬᠦᠯᠢᠶᠡᠵᠤ ᠪᠠᠵᠢᠨ᠎ᠠ᠃
2. ᠬᠡᠷᠡᠭᠡᠪᠬᠡᠮᠡᠯ ᠬᠣᠶᠠᠷ ᠪᠣᠳᠢ᠃
3. ᠶᠠᠯ᠎ᠠ ᠪᠠᠨ ᠮᠡᠳᠡᠷᠡᠨ ᠰᠢᠳᠭᠡᠯ ᠢ ᠬᠦᠯᠢᠶᠡᠵᠤ ᠭᠡᠮᠰᠢᠨ ᠤᠬᠠᠭᠠᠷᠠᠬᠤ ᠪᠠᠲᠤᠯᠠᠭ᠎ᠠ ᠵᠢᠨ ᠪᠢᠴᠢᠭ ᠨᠢᠭᠡ ᠬᠤᠪᠢ᠃
4. ᠡᠷᠡᠭᠦᠦ ᠣᠨᠤᠭᠳᠠᠭᠤᠯᠬᠤ ᠰᠠᠨᠠᠭᠤᠯᠭ᠎ᠠ ᠵᠢᠨ ᠪᠢᠴᠢᠭ ᠬᠣᠶᠠᠷ ᠬᠤᠪᠢ᠃