ᠠᠪᠠᠭ᠎ᠠ ᠬᠣᠰᠢᠭᠤᠨ ᠠᠷᠠᠳᠪᠠᠶᠢᠴᠠᠭᠠᠬᠤ ᠬᠣᠷᠢᠶᠠᠨ ᠵᠠᠭᠠᠯᠳᠤᠬᠤ ᠪᠢᠴᠢᠭ
ᠠᠪᠠᠭ᠎ᠠ ᠪᠠᠶᠢᠴᠠᠭᠠᠬᠤ ᠨᠢᠭᠡᠳᠦᠭᠡᠷ ᠬᠡᠯᠲᠡᠰ ᠡᠷᠡᠭᠦᠦ ᠵᠠᠭᠠᠯᠳᠤᠬᠤ〔2020〕Z53 ᠳ᠋ᠤᠭᠠᠷ ᠲᠣᠭᠠᠲᠤ
ᠵᠠᠭᠠᠯᠳᠤᠭᠳᠠᠭᠴᠢ ᠡᠩ **᠂ ᠡᠷᠡᠭᠲᠡᠢ ᠂1980 ᠣᠨ ** ᠰᠠᠷ᠎ᠠ ᠵᠢᠨ ** ᠡᠲᠦᠷ ᠲᠦᠷᠦᠵᠡᠢ᠂ ᠪᠡᠶ᠎ᠡ ᠵᠢᠨ ᠦᠨᠡᠮᠯᠡᠯᠨᠣᠮᠸᠷ᠄1525221980********᠂ ᠡᠷᠦᠬᠡ ᠠᠮᠠ ᠪᠠᠶᠢᠭ᠎ᠠ ᠭᠠᠵᠠᠷ᠄ ᠦᠪᠦᠷ ᠮᠤᠩᠭᠤᠯᠰᠢᠯᠢ ᠵᠢᠨ ᠭᠣᠣᠯ ᠠᠶᠢᠮᠠᠭᠠᠪᠠᠭᠠ ᠬᠣᠰᠢᠭᠤᠨ ** ᠰᠣᠮᠤᠨ ** ᠭᠠᠴᠠᠭ᠎ᠠ ᠮᠤᠩᠭᠤᠯ ᠂ ᠪᠠᠭ᠎ᠠ ᠰᠤᠷᠭᠠᠭᠤᠯᠢ ᠵᠢᠨ ᠰᠣᠶᠤᠯ ᠲᠠᠢ᠂ ᠠᠵᠢᠯ ᠦᠭᠡᠢ ᠪᠠᠷᠢᠪᠴᠢᠯᠠᠭᠳᠠᠬᠤ ᠠᠴᠠ ᠡᠮᠦᠨ᠎ᠡ ᠠᠪᠠᠭ᠎ᠠ ᠬᠣᠰᠢᠭᠤᠨ ᠪᠡᠯᠭᠦᠳᠡᠢ ᠪᠠᠯᠭᠠᠰᠤᠨ ᠳᠤ ᠰᠠᠭᠤᠵᠤ ᠪᠠᠶᠢᠪᠠ᠃ 2002 ᠣᠨ 1 ᠰᠠᠷ᠎ᠠ ᠵᠢᠨ 8 ᠡᠲᠦᠷ ᠬᠦᠴᠦᠷᠬᠡᠭᠯᠡᠨ ᠨᠦᠵᠢᠳᠯᠡᠭᠰᠡᠨ ᠶᠠᠯ᠎ᠠ ᠪᠠ ᠬᠤᠯᠠᠭᠠᠶᠢᠯᠠᠭᠰᠠᠨ ᠶᠠᠯ᠎ᠠ ᠪᠠᠷ ᠠᠪᠠᠭ᠎ᠠ ᠬᠣᠰᠢᠭᠤᠨ ᠠᠷᠠᠳᠰᠢᠭᠦᠬᠦ ᠬᠣᠷᠢᠶᠠᠨ ᠳᠤ ᠲᠠᠪᠤᠨ ᠵᠢᠯᠬᠤᠭᠤᠴᠠᠭᠠ ᠲᠠᠢ ᠬᠣᠷᠢᠬᠤ ᠡᠷᠡᠭᠦᠦ ᠪᠠᠷ ᠰᠢᠭᠦᠨ ᠲᠠᠰᠤᠯᠤᠭᠳᠠᠵᠤ᠂ 2009 ᠣᠨ 3 ᠰᠠᠷ᠎ᠠ ᠵᠢᠨ 27 ᠡᠲᠦᠷ ᠲᠣᠨᠤᠨ ᠳᠡᠭᠡᠷᠡᠮᠳᠡᠭᠰᠡᠨ ᠶᠠᠯ᠎ᠠ ᠪᠠ ᠬᠤᠯᠠᠭᠠᠶᠢᠯᠠᠭᠰᠠᠨ ᠶᠠᠯ᠎ᠠ ᠪᠠᠷ ᠵᠡᠭᠦᠨ ᠦᠵᠦᠮᠦᠴᠢᠨ ᠬᠣᠰᠢᠭᠤᠨ ᠠᠷᠠᠳᠰᠢᠭᠦᠬᠦ ᠬᠣᠷᠢᠶᠠᠨ ᠳᠤ ᠠᠷᠪᠠᠨ ᠵᠢᠯᠬᠤᠭᠤᠴᠠᠭᠠ ᠲᠠᠢ ᠬᠣᠷᠢᠬᠤ ᠡᠷᠡᠭᠦᠦ ᠪᠡᠷ ᠰᠢᠭᠦᠨ ᠲᠠᠰᠤᠯᠤᠭᠳᠠᠵᠤ᠂ 2017 ᠣᠨ 9 ᠰᠠᠷ᠎ᠠ ᠵᠢᠨ 4 ᠡᠲᠦᠷ ᠬᠤᠯᠠᠭᠠᠶᠢᠯᠠᠭᠰᠠᠨ ᠶᠠᠯ᠎ᠠ ᠪᠠ ᠡᠳ᠋ ᠪᠣᠳᠠᠰ ᠢ ᠵᠣᠷᠢᠭᠤᠳᠠ ᠡᠪᠳᠡᠨ ᠰᠦᠢᠳᠭᠡᠭᠰᠡᠨ ᠶᠠᠯ᠎ᠠ ᠪᠠᠷ ᠠᠪᠠᠭ᠎ᠠ ᠬᠣᠰᠢᠭᠤᠨ ᠠᠷᠠᠳᠰᠢᠭᠦᠬᠦ ᠬᠣᠷᠢᠶᠠᠨ ᠳᠤ ᠬᠣᠶᠠᠷ ᠵᠢᠯ ᠵᠢᠷᠭᠤᠭᠠᠨ ᠰᠠᠷ᠎ᠠ ᠵᠢᠨ ᠬᠤᠭᠤᠴᠠᠭ᠎ᠠ ᠲᠠᠢ ᠬᠣᠷᠢᠬᠤ ᠡᠷᠡᠭᠦᠦ ᠪᠠᠷ ᠰᠢᠭᠦᠨ ᠲᠠᠰᠤᠯᠤᠭᠳᠠᠵᠤ᠂ 2019 ᠣᠨ 8 ᠰᠠᠷ᠎ᠠ ᠵᠢᠨ 22 ᠡᠲᠦᠷ ᠰᠤᠯᠠᠯᠠᠭᠳᠠᠪᠠ ᠃ 2020 ᠣᠨ ᠤ 10 ᠰᠠᠷ᠎ᠠ ᠵᠢᠨ 2 ᠡᠲᠦᠷ ᠬᠤᠯᠠᠭᠠᠶᠢᠯᠠᠭᠰᠠᠨ ᠬᠡᠷᠡᠭᠰᠡᠵᠢᠭᠯᠡᠯ ᠢᠶᠡᠷ ᠠᠪᠠᠭ᠎ᠠ ᠬᠣᠰᠢᠭᠤᠨ ᠳᠣᠲᠤᠭᠠᠳᠤ ᠶᠢ ᠬᠠᠮᠠᠭᠠᠯᠠᠬᠤ ᠲᠤᠪᠴᠢᠶᠠᠨ ᠳᠤ ᠡᠷᠡᠭᠦᠦ ᠵᠢᠨ ᠲᠦᠷ ᠬᠣᠷᠢᠯᠲᠠ ᠪᠠᠷ ᠬᠣᠷᠢᠭᠳᠠᠵᠤ᠂ 2020 ᠣᠨ ᠤ 10 ᠰᠠᠷ᠎ᠠ ᠵᠢᠨ 30 ᠡᠲᠦᠷ ᠮᠠᠨ ᠬᠣᠷᠢᠶᠠᠨ ᠵᠦᠪᠰᠢᠶᠡᠷᠡᠯ ᠢᠶᠡᠷ ᠠᠪᠠᠭ᠎ᠠ ᠬᠣᠰᠢᠭᠤᠨ ᠳᠣᠲᠤᠭᠠᠳᠤ ᠬᠠᠮᠠᠭᠠᠯᠠᠬᠤ ᠲᠣᠪᠴᠢᠶᠠᠨ ᠳᠤ ᠪᠠᠷᠢᠪᠴᠢᠯᠠᠭᠳᠠᠪᠠ᠃
ᠲᠤᠰ ᠬᠡᠷᠡᠭ ᠢ ᠠᠪᠠᠭ᠎ᠠ ᠬᠣᠰᠢᠭᠤᠨ ᠳᠣᠲᠤᠭᠠᠳᠤ ᠶᠢ ᠬᠠᠮᠠᠭᠠᠯᠠᠬᠤ ᠲᠣᠷᠰᠢᠨ ᠪᠠᠶᠢᠴᠠᠭᠠᠵᠤ ᠳᠠᠭᠤᠰᠬᠠᠭᠠᠳ᠂ ᠵᠠᠭᠠᠯᠳᠤᠭᠳᠠᠭᠴᠢ ᠡᠩ ** ᠢ ᠬᠤᠯᠠᠭᠠᠶᠢᠯᠠᠭᠰᠠᠨ ᠶᠠᠯ᠎ᠠ ᠵᠢᠨ ᠰᠡᠵᠢᠭᠯᠡᠯ ᠢᠶᠡᠷ᠂ 2020 ᠣᠨ ᠤ 11 ᠰᠠᠷ᠎ᠠ ᠵᠢᠨ 26 ᠡᠳᠦᠷ ᠮᠠᠨ ᠬᠣᠷᠢᠶᠠᠨ ᠳᠤ ᠬᠢᠨᠠᠨ ᠵᠠᠭᠠᠯᠳᠤᠭᠤᠯᠬᠤ ᠪᠡᠷ ᠰᠢᠯᠵᠢᠭᠦᠯᠦᠨ ᠢᠷᠡᠭᠦᠯᠵᠡᠢ᠃ ᠮᠠᠨ ᠬᠤᠷᠢᠶ᠎ᠠ ᠬᠡᠷᠡᠭ ᠢ ᠬᠦᠯᠢᠶᠡᠨ ᠠᠪᠤᠭᠰᠠᠨ ᠳᠠᠷᠠᠭ᠎ᠠ᠂ 2020 ᠣᠨ ᠤ 11 ᠰᠠᠷ᠎ᠠ ᠵᠢᠨ 26 ᠡᠲᠦᠷ ᠵᠠᠭᠠᠯᠳᠤᠭᠳᠠᠭᠴᠢ ᠳᠤ ᠦᠮᠦᠭᠯᠡᠭᠴᠢ ᠵᠠᠯᠠᠬᠤ ᠡᠷᠬᠡ ᠲᠠᠢ ᠪᠠ ᠶᠠᠯ᠎ᠠ ᠪᠠᠨ ᠮᠡᠳᠡᠷᠡᠵᠤ ᠰᠢᠳᠭᠡᠯ ᠢ ᠬᠦᠯᠢᠶᠡᠬᠦ ᠵᠢᠨ ᠬᠠᠤᠯᠢ ᠵᠢᠨ ᠦᠷ᠎ᠡ ᠨᠦᠯᠦᠭᠡ ᠮᠡᠳᠡᠭᠳᠡᠨ᠂ ᠬᠣᠣᠷᠯᠠᠭᠳᠠᠭᠴᠢ ᠳᠦ ᠵᠠᠷᠭᠤ ᠵᠢᠨ ᠣᠷᠤᠯᠠᠭᠴᠢ ᠨᠠᠶᠢᠳᠠᠬᠤ ᠡᠷᠬᠡ ᠲᠠᠢ ᠭᠡᠵᠤ ᠮᠡᠳᠡᠭᠳᠡᠪᠡ᠃ ᠵᠠᠭᠠᠯᠳᠤᠭᠳᠠᠭᠴᠢ ᠶᠢ ᠰᠢᠭᠦᠨ ᠠᠰᠠᠭᠤᠵᠤ᠂ ᠵᠠᠭᠠᠯᠳᠤᠭᠳᠠᠭᠴᠢ ᠪᠠ ᠵᠢᠵᠢᠭᠦᠷᠯᠡᠭᠴᠢ ᠬᠠᠤᠯᠢᠴᠢ ᠵᠢᠨ ᠰᠠᠨᠠᠯ ᠢ ᠰᠣᠨᠤᠰᠴᠤ᠂ ᠪᠦᠬᠦ ᠬᠡᠷᠡᠭ ᠦᠨ ᠮᠠᠲᠸᠷᠢᠶᠠᠯ ᠢ ᠬᠢᠨᠠᠨ ᠪᠠᠶᠢᠴᠠᠭᠠᠪᠠ᠃ ᠵᠠᠭᠠᠯᠳᠤᠭᠳᠠᠭᠴᠢ ᠡᠩ** ᠳᠦᠭᠦᠮ ᠵᠢᠷᠤᠮ ᠢ ᠬᠡᠷᠡᠭᠯᠡᠵᠤ ᠰᠢᠭᠦᠨ ᠲᠠᠰᠤᠯᠬᠤ ᠵᠦᠪᠰᠢᠶᠡᠷᠡᠪᠡ᠃
ᠬᠠᠤᠯᠢ ᠶᠣᠰᠤᠭᠠᠷ ᠬᠢᠨᠠᠨ ᠪᠠᠶᠢᠴᠠᠭᠠᠵᠤ ᠲᠤᠳᠤᠯᠠᠭᠰᠠᠨ ᠨᠢ ᠄ 1. 2020 ᠣᠨ 8 ᠰᠠᠷ᠎ᠠ ᠵᠢᠨ14 ᠦ ᠦᠷ ᠢᠶᠡᠷ᠂ ᠵᠠᠭᠠᠯᠳᠤᠭᠳᠠᠭᠴᠢ ᠡᠩ ** ᠠᠪᠠᠭ᠎ᠠ ᠬᠣᠰᠢᠭᠤᠨ ** ᠪᠠᠯᠭᠠᠰᠣᠨ ᠬᠣᠣᠷᠯᠠᠭᠳᠠᠭᠴᠢ ᠰᠢ**ᠭᠡᠷᠣᠨᠢᠰᠤ ᠨᠢ ᠡᠪᠳᠡᠨ ᠣᠷᠤᠵᠤ᠂ ᠭᠡᠷ ᠠᠴᠠ ᠨᠢ ᠭᠤᠷᠪᠠᠨ ᠭᠠᠷ ᠤᠲᠠᠰᠤ᠂ ᠬᠣᠶᠠᠷ ᠬᠠᠶᠢᠷᠴᠠᠭ ᠲᠠᠮᠠᠬᠢ᠂ ᠨᠢᠭᠡ ᠲᠦᠩᠫᠡᠨ ᠴᠢᠨᠠᠭᠰᠠᠨ ᠮᠢᠬ᠎ᠠ ᠨᠢ ᠬᠤᠯᠠᠭᠠᠶᠢᠯᠠᠵᠤ᠂ ᠨᠢᠭᠡ ᠭᠠᠷ ᠤᠲᠠᠰᠤ ᠨᠢ ᠡᠪᠳᠡᠯᠪᠡ᠃
2. 2020 ᠣᠨ 8 ᠰᠠᠷ᠎ᠠ ᠵᠢᠨ 29 ᠡᠲᠦᠷ ᠂ ᠵᠠᠭᠠᠯᠳᠤᠭᠳᠠᠭᠴᠢ ᠡᠩ** ᠰᠢᠯᠢᠩᠬᠣᠲᠠ ᠵᠢᠨ ** ᠰᠤᠮᠤᠨ ** ᠭᠠᠴᠠᠭᠠᠨ ᠦᠨ ** ᠵᠢᠨ ᠵᠤᠰᠠᠭᠠᠯ ᠳᠡᠭᠡᠷ᠎ᠡ ᠬᠣᠣᠷᠯᠠᠭᠳᠠᠭᠴᠢ ᠦ** ᠵᠢᠨ ᠰᠠᠭᠤᠭ᠎ᠠ ᠭᠡᠷ ᠲᠤᠨᠢ ᠣᠷᠤᠵᠤ᠂ ᠬᠣᠪᠴᠠᠰᠤᠨ ᠬᠠᠷᠮᠠᠨ ᠠᠴᠠ ᠨᠢ 400.00 ᠲᠦᠭᠦᠷᠢᠭ ᠬᠤᠯᠠᠭᠠᠶᠢᠯᠠᠪᠠ᠃
3. 2020 ᠣᠨ 9 ᠰᠠᠷ᠎ᠠ ᠵᠢᠨ 7 ᠦ ᠣᠷᠣᠢ᠂ ᠵᠠᠭᠠᠯᠳᠤᠭᠳᠠᠭᠴᠢ ᠡᠩ** ** ᠰᠤᠮᠤᠨ ᠬᠣᠣᠷᠯᠠᠭᠳᠠᠭᠴᠢ ᠲᠥᠩ ** ᠭᠡᠷᠴᠣᠩᠬᠤ ᠨᠢ ᠡᠪᠳᠡᠨ ᠣᠷᠤᠵᠤ᠂ ᠭᠡᠷ ᠲᠣᠳᠤᠷᠠᠬᠢ ᠶᠠᠭᠤᠮ᠎ᠠ ᠨᠢ ᠤᠷᠪᠠᠭᠤᠯᠵᠤ᠂ ᠨᠢᠭᠡ ᠬᠦᠨᠵᠢᠯᠡ ᠪᠠ ᠲᠠᠩᠰᠠ᠂ ᠨᠢᠭᠡ ᠬᠦᠪᠦᠩ ᠥᠮᠥᠳᠥ᠂ ᠨᠢᠭᠡ ᠴᠠᠬᠢᠯᠭᠠᠨ ᠲᠣᠭᠤᠭ᠎ᠠ᠂ ᠨᠢᠭᠡ ᠴᠠᠭᠠᠨ ᠰᠦᠯᠢᠶᠣᠣ ᠰᠠᠭᠤᠯᠭ᠎ᠠ ᠬᠤᠯᠠᠭᠠᠶᠢᠯᠠᠪᠠ᠃
4. 2020 ᠣᠨ 9 ᠰᠠᠷ᠎ᠠ ᠵᠢᠨ 9 ᠦ ᠣᠷᠤᠢ᠂ ᠵᠠᠭᠠᠯᠳᠤᠭᠳᠠᠭᠴᠢ ᠡᠩ** ** ᠰᠤᠮᠤᠨ ᠬᠣᠣᠷᠯᠠᠭᠳᠠᠭᠴᠢ ᠭᠡ ** ᠵᠢᠨ ᠬᠦᠷᠢᠶᠡᠨ ᠬᠡᠷᠡᠮ ᠢᠶᠡᠷ ᠦᠰᠦᠷᠦᠨ ᠤᠷᠤᠵᠤ᠂ ᠪᠠᠷᠠᠭᠠᠨ ᠬᠥᠮᠦᠷᠭᠡ ᠳ᠋ᠤᠨᠢ ᠪᠠᠶᠢᠭᠰᠠᠨ ᠬᠣᠶᠠᠷ ᠯᠤᠩᠬᠤ ᠲᠠᠯ᠎ᠠ ᠨᠤᠲᠤᠭᠬᠠᠷᠠ ᠠᠷᠢᠬᠢ᠂ ᠮᠠ ᠬᠤᠸᠠ ᠪᠤᠭᠤᠷᠰᠤᠭ ᠪᠠ ᠥᠷᠭᠡᠰᠦᠲᠦ ᠬᠡᠮᠬᠡ ᠵᠡᠷᠭᠡ ᠢᠳᠡᠭᠡᠨ ᠢ ᠨᠢ ᠬᠤᠯᠠᠭᠠᠶᠢᠯᠠᠪᠠ᠃
5. 2020 ᠣᠨ 9 ᠰᠠᠷ᠎ᠠ ᠵᠢᠨ 9 ᠣᠷᠤᠢ᠂ ᠵᠠᠭᠠᠯᠳᠤᠭᠳᠠᠭᠴᠢ ᠡᠩ** ** ᠰᠤᠮᠤᠨ ᠬᠣᠣᠷᠯᠠᠭᠳᠠᠭᠴᠢ ᠶᠠᠩ **ᠭᠡᠷᠴᠣᠩᠬᠤ ᠨᠢ ᠡᠪᠳᠡᠨ ᠣᠷᠤᠵᠤ᠂ ᠭᠡᠷ ᠲᠣᠳᠤᠷᠠᠬᠢ ᠶᠠᠭᠤᠮ᠎ᠠ ᠨᠢ ᠤᠷᠪᠠᠭᠤᠯᠵᠤ᠂ ᠶᠢᠰᠦᠨ ᠯᠣᠩᠬᠤ ᠳ᠋ᠦᠩ ᠹᠠᠩ ᠬᠤᠩ ᠨᠡᠷᠡᠲᠤ ᠬᠠᠷ᠎ᠠ ᠠᠷᠢᠬᠢ ᠨᠢ ᠬᠤᠯᠠᠭᠠᠶᠢᠯᠠᠪᠠ᠃
6. 2020 ᠣᠨ 9 ᠰᠠᠷ᠎ᠠ ᠵᠢᠨ 8 ᠡᠲᠦᠷ ᠂ ᠵᠠᠭᠠᠯᠳᠤᠭᠳᠠᠭᠴᠢ ᠡᠩ** ** ᠰᠤᠮᠤᠨ ᠬᠣᠣᠷᠯᠠᠭᠳᠠᠭᠴᠢ ᠭᠠ** ᠵᠢᠨ ᠭᠡᠷᠴᠣᠩᠬᠤ ᠨᠢ ᠡᠪᠳᠡᠨ ᠣᠷᠤᠵᠤ᠂ 9 ᠰᠠᠷ᠎ᠠ ᠵᠢᠨ12 ᠡᠲᠦᠷ ᠪᠣᠯᠲᠠᠯ᠎ᠠ ᠰᠠᠭᠤᠵᠤ᠂ ᠡᠨᠡᠬᠦ ᠬᠣᠭᠤᠴᠠᠭᠠᠨ ᠳᠤ ᠭᠡᠷ ᠲᠣᠳᠤᠷᠠᠬᠢ ᠶᠠᠭᠤᠮ᠎ᠠ ᠨᠢ ᠤᠷᠪᠠᠭᠤᠯᠵᠤ᠂ ᠨᠢᠭᠡ ᠪᠠᠭ᠎ᠠ ᠲᠸᠯᠸᠰ ᠪᠠ ᠴᠠᠬᠢᠯᠭᠠᠨ ᠲᠣᠭᠤᠭ᠎ᠠ ᠨᠢ ᠡᠪᠳᠡᠯᠪᠡ᠃
ᠳᠡᠭᠡᠷᠡᠬᠢ ᠪᠤᠳᠠᠳᠤ ᠶᠠᠪᠤᠳᠠᠯ ᠢ ᠨᠣᠲᠠᠯᠠᠬᠤ ᠭᠡᠷᠡᠴᠢ ᠪᠠᠷᠢᠮᠳᠠ᠄ 1. ᠬᠡᠷᠡᠭ ᠬᠦᠯᠢᠶᠡᠨ ᠠᠪᠤᠭᠰᠠᠨ ᠳᠠᠩᠰᠠᠯᠠᠯ᠂ ᠡᠷᠦᠬᠡ ᠠᠮᠠ ᠵᠢᠨ ᠭᠡᠷᠡᠴᠢ᠂ ᠵᠠᠭᠠᠯᠳᠤᠭᠳᠠᠭᠴᠢ ᠵᠢᠨ ᠪᠠᠷᠢᠭᠳᠠᠭᠰᠠᠨ ᠦᠩᠭᠡᠷᠡᠯᠲᠡ ᠵᠡᠷᠭᠡ ᠪᠢᠴᠢᠭᠭᠡᠷᠡᠴᠢ︔ 2. ᠬᠣᠣᠷᠯᠠᠭᠳᠠᠭᠴᠢ ᠰᠢ**᠂ ᠦ**᠂ ᠲᠦᠩ **᠂ ᠭᠡ**᠂ ᠶᠠᠩ **᠂ ᠭᠠ** ᠵᠢᠨ ᠲᠣᠭᠠᠴᠢᠯᠲᠡ︔ ᠲᠤᠬᠠᠢ ᠵᠢᠨ ᠲᠠᠯᠠᠪᠤᠷᠬᠠᠵᠢᠨ ᠪᠠᠶᠢᠴᠠᠭᠠᠯᠲᠠ ᠵᠢᠨ ᠲᠡᠮᠲᠡᠭᠯᠡᠯ᠂ ᠵᠢᠷᠤᠭ᠂ ᠰᠡᠭᠦᠳᠡᠷ︔ ᠲᠤᠬᠠᠢ ᠵᠢᠨ ᠲᠠᠯᠠᠪᠤᠷ ᠢ ᠵᠢᠭᠠᠨ ᠲᠠᠨᠢᠭᠰᠠᠨ ᠲᠡᠮᠲᠡᠭᠯᠡᠯ︔ ᠭᠡ** ᠵᠢᠨ ᠭᠡᠷᠬᠢᠨᠠᠨ ᠡᠵᠡᠮᠰᠢᠯᠳᠦᠷᠰᠦ ᠰᠢᠩᠭᠡᠭᠡᠯᠲᠡ ᠪᠠᠵᠢᠨ᠎ᠠ᠃
ᠳᠡᠭᠡᠷᠡᠬᠢ ᠭᠡᠷᠡᠴᠢ ᠪᠠᠷᠢᠮᠳᠠ ᠴᠤᠭᠯᠠᠭᠤᠯᠤᠭᠰᠠᠨ ᠵᠢᠷᠤᠮ ᠨᠢ ᠬᠠᠤᠯᠢ ᠵᠢᠨ ᠲᠤᠭᠲᠠᠭᠠᠯ ᠳᠤ ᠨᠡᠶᠢᠴᠡᠵᠤ᠂ ᠠᠭᠤᠯᠭ᠎ᠠ ᠨᠢ ᠪᠣᠰᠤᠳᠴᠢ ᠦᠨᠡᠨ ᠪᠣᠳᠠᠲᠠᠢ᠂ ᠵᠠᠭᠠᠯᠳᠤᠭᠰᠠᠨ ᠶᠠᠯᠠᠲᠤ ᠬᠡᠷᠡᠭ ᠢ ᠭᠡᠷᠡᠴᠢᠯᠡᠵᠤ ᠳᠡᠶᠢᠯᠦᠨ᠎ᠡ᠃ ᠵᠠᠭᠠᠯᠳᠤᠭᠳᠠᠭᠴᠢ ᠡᠩ** ᠵᠠᠭᠠᠯᠳᠤᠭᠰᠠᠨ ᠶᠠᠯᠠᠲᠤ ᠬᠡᠷᠡᠭ ᠪᠠ ᠭᠡᠷᠡᠴᠢ ᠪᠠᠷᠢᠮᠳᠠ ᠳᠤ ᠰᠠᠨᠠᠯ ᠦᠭᠡᠢ᠂ ᠰᠠᠵᠢᠨ ᠳᠤᠷ᠎ᠠ ᠠᠴᠠ ᠪᠠᠨ ᠶᠠᠯ᠎ᠠ ᠪᠠᠨ ᠮᠡᠳᠡᠷᠡᠵᠤ᠂ ᠰᠢᠳᠭᠡᠯ ᠢ ᠬᠦᠯᠢᠶᠡᠨ᠎ᠡ᠃
ᠡᠩ ** ᠬᠠᠤᠯᠢ ᠪᠣᠰᠤ ᠪᠠᠷ ᠥᠪᠡᠷᠴᠢᠯᠡᠬᠦ ᠵᠢᠨ ᠲᠦᠯᠦᠭᠡ᠂ ᠣᠯᠠᠨᠲᠠ ᠭᠡᠷ ᠲᠤ ᠣᠷᠤᠵᠤ ᠨᠢᠭᠤᠴᠠ ᠪᠠᠷ ᠪᠣᠰᠤᠳᠡᠳ᠋ ᠬᠦᠷᠦᠩᠭᠡ ᠬᠤᠯᠠᠭᠠᠶᠢᠯᠠᠭᠰᠠᠨ ︽ ︾ ᠬᠣᠶᠠᠷ ᠵᠢᠷᠠᠨ ᠳᠦᠷᠪᠡᠳᠦᠭᠡᠷ ᠲᠤᠭᠲᠠᠭᠠᠯ ᠳᠤ ᠬᠤᠯᠠᠭᠠᠶᠢᠯᠠᠭᠰᠠᠨ ᠵᠠᠭᠠᠯᠳᠤᠭᠳᠠᠭᠴᠢ ᠡᠩ** ᠳᠠᠬᠢᠨᠲᠠ ᠬᠡᠷᠡᠭᠲᠡᠨ ᠪᠣᠯᠬᠤᠷ ︽ ︾ ᠵᠢᠷᠠᠨ ᠲᠠᠪᠤᠳᠤᠭᠠᠷ ᠲᠤᠭᠲᠠᠭᠠᠯ ᠪᠠᠷ ᠬᠦᠨᠳᠣ ᠪᠠᠷ ᠰᠢᠳᠭᠡᠬᠦ ᠬᠡᠷᠡᠭᠲᠡᠢ︔ ᠵᠠᠭᠠᠯᠳᠤᠭᠳᠠᠭᠴᠢ ᠡᠩ** ᠬᠣᠶᠠᠷ ᠤᠳᠠᠭᠠᠨ ᠶᠠᠯᠠᠲᠤ ᠬᠡᠷᠡᠭᠲᠤᠬᠠᠢ ᠪᠡᠶ᠎ᠡ ᠪᠡᠨ ᠲᠤᠰᠢᠶᠠᠭᠰᠠᠨ ᠪᠠᠶᠢᠳᠠᠯ ᠲᠠᠢ ᠠᠴᠠ ︽ ︾ ᠵᠢᠷᠠᠨ ᠲᠣᠯᠤᠳᠤᠭᠠᠷ ᠲᠤᠭᠲᠠᠭᠠᠯ ᠪᠠᠷ ᠬᠦᠩᠭᠡᠨ ᠢᠶᠡᠷ ᠰᠢᠳᠭᠡᠵᠤ ᠪᠣᠯᠤᠨ᠎ᠠ︔ ᠵᠠᠭᠠᠯᠳᠤᠭᠳᠠᠭᠴᠢ ᠡᠩ** ᠶᠠᠯ᠎ᠠ ᠪᠠᠨ ᠮᠡᠳᠡᠷᠡᠵᠤ᠂ ᠰᠢᠳᠭᠡᠯ ᠢ ᠬᠦᠯᠢᠶᠡᠬᠦ ᠲᠤᠯᠠ ︽ ︾ ᠠᠷᠪᠠᠨ ᠲᠠᠪᠤᠳᠤᠭᠠᠷ ᠤᠨ ᠬᠠᠤᠯᠢ ᠶᠣᠰᠤᠭᠠᠷ ᠠᠭᠤᠴᠢᠯᠠᠨ ᠰᠢᠳᠭᠡᠵᠤ ᠪᠣᠯᠤᠨ᠎ᠠ᠃ ︽ ︾ ᠵᠢᠷᠭᠤᠳᠤᠭᠠᠷ
ᠡᠭᠦᠨ ᠦ ᠲᠤᠯᠠ
ᠠᠪᠠᠭ᠎ᠠ ᠬᠣᠰᠢᠭᠤᠨ ᠠᠷᠠᠳᠰᠢᠬᠦᠬᠦ ᠬᠣᠷᠢᠶᠠᠨ ᠳᠤ
ᠪᠠᠶᠢᠴᠠᠭᠠᠭᠴᠢ ᠄ ᠾᠦᠸ᠋ᠸ ᠲᠠᠨ᠎ᠠ
2020 ᠤᠨ 12 ᠰᠠᠷ᠎ᠠ ᠵᠢᠨ17 ᠡᠳᠦᠷ
ᠲᠠᠭᠠᠯᠳᠤᠭᠤᠯᠤᠯ ᠄
1. ᠵᠠᠭᠠᠯᠳᠤᠭᠳᠠᠭᠴᠢ ᠡᠩ** ᠠᠪᠠᠭ᠎ᠠ ᠬᠣᠰᠢᠭᠤᠨ ᠰᠠᠬᠢᠨ ᠬᠠᠷᠠᠬᠤ ᠭᠠᠵᠠᠷ ᠬᠣᠷᠢᠭᠳᠠᠵᠤ ᠪᠠᠵᠢᠨ᠎ᠠ᠃
2. ᠬᠡᠷᠡᠭᠡᠪᠬᠡᠮᠡᠯ ᠬᠣᠶᠠᠷ ᠪᠣᠳᠢ᠂ ᠳᠦᠷᠰᠦ ᠰᠢᠩᠭᠡᠭᠡᠯᠲᠡ ᠨᠢᠭᠡ ᠬᠤᠪᠢ᠃
3. ᠶᠠᠯ᠎ᠠ ᠪᠠᠨ ᠮᠡᠳᠡᠷᠡᠨ ᠰᠢᠳᠭᠡᠯ ᠢ ᠬᠦᠯᠢᠶᠡᠵᠤ ᠭᠡᠮᠰᠢᠨ ᠤᠬᠠᠭᠠᠷᠠᠬᠤ ᠪᠠᠲᠤᠯᠠᠭ᠎ᠠ ᠵᠢᠨ ᠪᠢᠴᠢᠭ ᠨᠢᠭᠡ ᠬᠤᠪᠢ᠃
4. ᠡᠷᠡᠭᠦᠦ ᠣᠨᠤᠭᠳᠠᠭᠤᠯᠬᠤ ᠰᠠᠨᠠᠭᠤᠯᠭ᠎ᠠ ᠵᠢᠨ ᠪᠢᠴᠢᠭ ᠬᠣᠶᠠᠷ ᠬᠤᠪᠢ᠃