ᠳᠠᠯᠠᠳ ᠬᠤᠰᠢᠭᠤᠨ ᠠᠷᠠᠳᠪᠠᠶᠢᠴᠠᠭᠠᠬᠤ ᠬᠤᠷᠢᠶ᠎ᠠ ᠵᠢᠨ ᠵᠠᠭᠠᠯᠳᠤᠯᠭ᠎ᠠ ᠭᠠᠷᠭᠠᠭᠰᠠᠨ ᠯᠢᠤ ᠣᠪᠣᠭᠲᠤ ᠣᠷᠴᠢᠨ ᠲᠣᠭᠤᠷᠢᠨ ᠢ ᠪᠣᠬᠢᠷᠳᠤᠭᠤᠯᠤᠭᠰᠠᠨ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠬᠡᠷᠡᠭᠨᠢᠭᠡᠳᠦᠭᠡᠷ ᠰᠢᠭᠦᠯᠲᠡ ᠵᠢᠨ ᠰᠢᠭᠦᠨ ᠲᠠᠰᠤᠯᠤᠯᠲᠠ ᠵᠠᠷᠯᠠᠪᠠ
ᠣᠷᠴᠢᠮᠬᠠᠨ᠂ ᠳᠠᠯᠠᠳ ᠬᠤᠰᠢᠭᠤᠨ ᠠᠷᠠᠳᠰᠢᠭᠦᠬᠦ ᠬᠤᠷᠢᠶ᠎ᠠ ᠠᠴᠠ ᠳᠠᠯᠠᠳ ᠬᠤᠰᠢᠭᠤᠨ ᠠᠷᠠᠳᠪᠠᠶᠢᠴᠠᠭᠠᠬᠤ ᠬᠤᠷᠢᠶ᠎ᠠ ᠵᠢᠨ ᠠᠯᠪᠠᠨ ᠵᠠᠭᠠᠯᠳᠤᠯᠭ᠎ᠠ ᠭᠠᠷᠭᠠᠭᠰᠠᠨ ᠵᠠᠭᠠᠯᠳᠤᠭᠳᠠᠭᠴᠢ ᠯᠢᠤ ᠣᠪᠣᠭᠲᠤ ᠣᠷᠴᠢᠨ ᠲᠣᠭᠤᠷᠢᠨ ᠢ ᠪᠣᠬᠢᠷᠳᠤᠭᠤᠯᠤᠭᠰᠠᠨ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠬᠡᠷᠡᠭ ᠲᠤ ᠨᠢᠭᠡᠳᠦᠭᠡᠷ ᠰᠢᠭᠦᠯᠲᠡ ᠵᠢᠨ ᠰᠢᠭᠦᠨ ᠲᠠᠰᠤᠯᠤᠯᠲᠠ ᠵᠠᠷᠯᠠᠵᠠᠢ᠃ ᠵᠠᠭᠠᠯᠳᠤᠭᠳᠠᠭᠴᠢ ᠯᠢᠤ ᠣᠪᠣᠭᠲᠤ ᠳᠤ ᠣᠷᠴᠢᠨ ᠲᠣᠭᠤᠷᠢᠨ ᠢ ᠪᠣᠬᠢᠷᠳᠤᠭᠤᠯᠤᠭᠰᠠᠨ ᠶᠠᠯ᠎ᠠ ᠲᠤᠯᠭᠠᠵᠤ᠂ ᠳᠣᠯᠤᠭᠠᠨ ᠰᠠᠷ᠎ᠠ ᠬᠤᠭᠤᠴᠠᠭ᠎ᠠ ᠲᠠᠢ ᠬᠤᠷᠢᠬᠤ ᠡᠷᠡᠭᠦᠦ ᠣᠨᠣᠭᠳᠠᠭᠤᠯᠤᠭᠰᠠᠨ ᠬᠠᠮᠲᠤ ᠬᠤᠶᠠᠷ ᠲᠦᠮᠡᠨ ᠲᠦᠭᠦᠷᠢᠭ ᠶᠠᠯᠠᠳᠠᠬᠤ ᠪᠠᠷ ᠰᠢᠭᠦᠨ ᠲᠠᠰᠤᠯᠵᠠᠢ᠃