ᠳᠠᠯᠠᠳ ᠬᠤᠰᠢᠭᠤᠨ ᠠᠷᠠᠳᠪᠠᠶᠢᠴᠠᠭᠠᠬᠤ ᠬᠤᠷᠢᠶ᠎ᠠ ᠵᠢᠨ ᠵᠠᠭᠠᠯᠳᠤᠯᠭ᠎ᠠ ᠭᠠᠷᠭᠠᠭᠰᠠᠨ ᠶᠠᠩ ᠱᠤᠸᠠᠩ ᠮᠸᠢ ᠬᠠᠭ᠋ᠤᠤᠯᠢ ᠢᠳᠡᠭᠰᠡᠨ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠬᠡᠷᠡᠭᠨᠢᠭᠡᠳᠦᠭᠡᠷ ᠰᠢᠭᠦᠯᠲᠡ ᠵᠢᠨ ᠰᠢᠭᠦᠨ ᠲᠠᠰᠤᠯᠤᠯᠲᠠ ᠵᠠᠷᠯᠠᠪᠠ
ᠣᠷᠴᠢᠮᠬᠠᠨ᠂ ᠳᠠᠯᠠᠳ ᠬᠤᠰᠢᠭᠤᠨ ᠠᠷᠠᠳᠰᠢᠭᠦᠬᠦ ᠬᠤᠷᠢᠶ᠎ᠠ ᠠᠴᠠ ᠳᠠᠯᠠᠳ ᠬᠤᠰᠢᠭᠤᠨ ᠠᠷᠠᠳᠪᠠᠶᠢᠴᠠᠭᠠᠬᠤ ᠬᠤᠷᠢᠶ᠎ᠠ ᠵᠢᠨ ᠠᠯᠪᠠᠨ ᠵᠠᠭᠠᠯᠳᠤᠯᠭ᠎ᠠ ᠭᠠᠷᠭᠠᠭᠰᠠᠨ ᠪᠦᠬᠦᠢ ᠦᠪᠦᠷ ᠮᠣᠩᠭᠤᠯᠦᠪᠡᠷᠲᠡᠭᠡᠨ ᠵᠠᠰᠠᠬᠤ ᠣᠷᠣᠨ ᠠᠯᠠᠱᠠ ᠠᠶᠢᠮᠠᠭᠳᠤᠮᠳᠠ ᠵᠡᠷᠭᠡ ᠵᠢᠨ ᠰᠢᠭᠦᠬᠦ ᠬᠤᠷᠢᠶᠠᠨ ᠣᠶᠣᠨ ᠥᠮᠴᠢ ᠵᠢᠨ ᠡᠷᠬᠡ ᠵᠢᠨ ᠬᠡᠷᠡᠭ ᠰᠢᠳᠬᠡᠬᠦ ᠲᠢᠩᠬᠢᠮᠤᠤᠯᠳᠠᠷᠤᠭᠠ ᠶᠠᠩ ᠱᠤᠸᠠᠩ ᠮᠸᠢ ︵ᠳᠡᠳ᠋ ᠰᠠᠯᠠᠭᠠᠨ ᠲᠡᠰ︶ ᠬᠠᠭ᠋ᠤᠤᠯᠢ ᠢᠳᠡᠭᠰᠡᠨ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠬᠡᠷᠡᠭ ᠲᠤ ᠨᠢᠭᠡᠳᠦᠭᠡᠷ ᠰᠢᠭᠦᠯᠲᠡ ᠵᠢᠨ ᠰᠢᠭᠦᠨ ᠲᠠᠰᠤᠯᠤᠯᠲᠠ ᠵᠠᠷᠯᠠᠵᠠᠢ᠃ ᠵᠠᠭᠠᠯᠳᠤᠭᠳᠠᠭᠴᠢ ᠶᠠᠩ ᠱᠤᠸᠠᠩ ᠮᠸᠢ ᠳᠤ ᠬᠠᠭ᠋ᠤᠤᠯᠢ ᠢᠳᠡᠭᠰᠡᠨ ᠶᠠᠯ᠎ᠠ ᠲᠤᠯᠭᠠᠵᠤ᠂ ᠭᠤᠷᠪᠠᠨ ᠵᠢᠯ ᠪᠦᠭᠡᠳ ᠠᠷᠪᠠᠨ ᠰᠠᠷ᠎ᠠ ᠬᠤᠭᠤᠴᠠᠭ᠎ᠠ ᠲᠠᠢ ᠬᠤᠷᠢᠬᠤ ᠡᠷᠡᠭᠦᠦ ᠣᠨᠣᠭᠳᠠᠭᠤᠯᠤᠭᠰᠠᠨ ᠬᠠᠮᠲᠤ ᠭᠤᠴᠢᠨ ᠲᠦᠮᠡᠨ ᠲᠦᠭᠦᠷᠢᠭ ᠶᠠᠯᠠᠳᠠᠬᠤ ᠪᠠᠷ ᠰᠢᠭᠦᠨ ᠲᠠᠰᠤᠯᠵᠠᠢ᠃