ᠥᠪᠥᠷ ᠮᠣᠩᠭᠣᠯᠪᠠᠶᠢᠴᠠᠭᠠᠬᠤ ᠪᠠᠶᠢᠭᠤᠯᠭ᠎ᠠ ᠵᠠᠩ ᠹᠦ᠋ ᠱᠧᠩᠬᠠᠬᠤᠤᠯᠢ ᠢᠳᠡᠭᠰᠡᠨ ᠰᠡᠵᠢᠭᠯᠡᠯᠲᠡᠶ ᠬᠡᠷᠡᠭ ᠲᠦ ᠬᠠᠤᠯᠢ ᠶᠣᠰᠣᠭᠠᠷ ᠠᠯᠪᠠᠨ ᠵᠠᠭᠠᠯᠳᠤᠯᠭ᠎ᠠ ᠭᠠᠷᠭᠠᠪᠠ
ᠡᠮᠦᠨᠡᠬᠡᠨ ᠂ ᠥᠪᠥᠷ ᠮᠣᠩᠭᠣᠯᠴᠠᠬᠢᠯᠭᠠᠨ ᠬᠦᠴᠦᠨ ( ᠪᠦᠯᠦᠭᠯᠡᠯ ) ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠢᠨ ᠤᠤᠯᠨᠠᠮᠬᠣᠷᠢᠶᠠᠨ ᠳᠡᠳ᠋ ᠱᠦᠵᠢ ᠂ ᠶᠡᠷᠦᠩᠬᠡᠶ ᠳᠠᠭᠠᠭᠠᠮᠠᠯ ᠂ ᠬᠡᠷᠡᠭ ᠮᠡᠳᠡᠭᠴᠢ ᠵᠠᠩ ᠹᠦ᠋ ᠱᠧᠩ ( ᠵᠢᠩᠬᠢᠨᠢ ᠲᠢᠩᠬᠢᠮᠲᠠᠰ )ᠬᠠᠬᠤᠤᠯᠢ ᠢᠳᠡᠭᠰᠡᠨ ᠰᠡᠵᠢᠭᠯᠡᠯᠲᠡᠶ ᠬᠡᠷᠡᠭ ᠲᠦ ᠥᠪᠥᠷ ᠮᠣᠩᠭᠣᠯᠥᠪᠡᠷᠲᠡᠭᠡᠨ ᠵᠠᠰᠠᠬᠤ ᠣᠷᠣᠨ ᠠᠷᠠᠳᠪᠠᠶᠢᠴᠠᠭᠠᠬᠤ ᠬᠣᠷᠢᠶ᠎ᠠ ᠠᠴᠠ ᠬᠠᠷᠢᠶᠠᠯᠠᠯ ᠢ ᠨᠢ ᠵᠢᠭᠠᠨ ᠲᠣᠭᠲᠠᠭᠠᠵᠤ ᠂ ᠪᠤᠭᠤᠲᠤ ᠬᠣᠲᠠ ᠵᠢᠨ ᠠᠷᠠᠳᠪᠠᠶᠢᠴᠠᠭᠠᠬᠤ ᠬᠣᠷᠢᠶ᠎ᠠ ᠠᠴᠠ ᠪᠤᠭᠤᠲᠤ ᠬᠣᠲᠠ ᠵᠢᠨ ᠠᠷᠠᠳᠳᠤᠮᠳᠠ ᠵᠡᠷᠭᠡ ᠵᠢᠨ ᠰᠢᠭᠦᠬᠦ ᠬᠣᠷᠢᠶ᠎ᠠ ᠳᠤ ᠬᠠᠤᠯᠢ ᠶᠣᠰᠣᠭᠠᠷ ᠠᠯᠪᠠᠨ ᠵᠠᠭᠠᠯᠳᠤᠯᠭ᠎ᠠ ᠭᠠᠷᠭᠠᠪᠠ᠃
ᠪᠠᠶᠢᠴᠠᠭᠠᠬᠤ ᠪᠠᠶᠢᠭᠤᠯᠭ᠎ᠠ ᠵᠠᠭᠠᠯᠳᠤᠬᠤ ᠬᠢᠨᠠᠨ ᠪᠠᠶᠢᠴᠠᠭᠠᠬᠤ ᠱᠠᠲᠤᠨ ᠳᠤ ᠂ ᠵᠠᠭᠠᠯᠳᠤᠭᠳᠠᠭᠴᠢ ᠵᠠᠩ ᠹᠦ᠋ ᠱᠧᠩ ᠳᠦ ᠵᠠᠷᠭᠤᠯᠳᠤᠬᠤ ᠡᠷᠬᠡ ᠲᠡᠶ ᠪᠠᠶᠢᠬᠤ ᠬᠠᠤᠯᠢ ᠶᠣᠰᠣᠭᠠᠷ ᠮᠡᠳᠡᠭᠳᠡᠭᠰᠡᠨ ᠪᠥᠭᠡᠳ ᠵᠠᠭᠠᠯᠳᠤᠭᠳᠠᠭᠴᠢ ᠠᠴᠠ ᠬᠠᠤᠯᠢ ᠶᠣᠰᠣᠭᠠᠷ ᠰᠢᠭᠦᠨ ᠠᠰᠠᠭᠤᠵᠤ ᠂ ᠥᠮᠥᠭᠯᠡᠭᠴᠢ ᠵᠢᠨ ᠰᠠᠨᠠᠯ ᠢ ᠰᠣᠨᠣᠰᠪᠠ᠃ ᠪᠤᠭᠤᠲᠤ ᠬᠣᠲᠠ ᠵᠢᠨ ᠠᠷᠠᠳᠪᠠᠶᠢᠴᠠᠭᠠᠬᠤ ᠬᠣᠷᠢᠶ᠎ᠠ ᠵᠠᠭᠠᠯᠳᠤᠯᠭ᠎ᠠ ᠭᠠᠷᠭᠠᠵᠤ ᠵᠠᠭᠠᠯᠳᠤᠭᠰᠠᠨ ᠨᠢ ᠄ ᠵᠠᠭᠠᠯᠳᠤᠭᠳᠠᠭᠴᠢ ᠵᠠᠩ ᠹᠦ᠋ ᠱᠧᠩ ᠥᠪᠥᠷ ᠮᠣᠩᠭᠣᠯᠴᠠᠬᠢᠯᠭᠠᠨ ᠬᠦᠴᠦᠨ ( ᠪᠦᠯᠦᠭᠯᠡᠯ ) ᠬᠢᠵᠠᠭᠠᠷᠲᠤ ᠺᠣᠮᠫᠠᠨᠢ ᠵᠢᠨ ᠬᠡᠷᠡᠭ ᠮᠡᠳᠡᠭᠴᠢ ᠂ ᠨᠠᠮᠬᠣᠷᠢᠶᠠᠨ ᠭᠡᠰᠢᠭᠦᠨ ᠂ ᠠᠵᠢᠯᠴᠢᠨ ᠡᠪᠯᠡᠯᠲᠡᠷᠢᠭᠦᠯᠡᠭᠴᠢ ᠂ ᠳᠡᠳ᠋ ᠶᠡᠷᠦᠩᠬᠡᠶ ᠳᠠᠭᠠᠭᠠᠮᠠᠯ ᠂ ᠨᠠᠮᠬᠣᠷᠢᠶᠠᠨ ᠳᠡᠳ᠋ ᠱᠦᠵᠢ ᠂ ᠶᠡᠷᠦᠩᠬᠡᠶ ᠳᠠᠭᠠᠭᠠᠮᠠᠯ ᠵᠡᠷᠭᠡ ᠲᠤᠰᠢᠶᠠᠯᠲᠥᠬᠥᠮ ᠢᠶᠡᠨ ᠠᠰᠢᠭᠯᠠᠨ ᠂ ᠪᠤᠰᠤᠳ ᠲᠤ ᠠᠰᠢᠭ ᠲᠤᠰᠠ ᠣᠯᠭᠣᠪᠠ ︔ ᠲᠤᠰ ᠬᠥᠮᠦᠨ ᠦ ᠡᠷᠬᠡ ᠲᠤᠰᠢᠶᠠᠯ ᠪᠤᠶᠤ ᠪᠠᠶᠢᠷᠢ ᠰᠠᠭᠤᠷᠢ ᠠᠴᠠ ᠪᠣᠯᠤᠭᠰᠠᠨ ᠲᠦᠬᠥᠮ ᠨᠥᠬᠥᠴᠡᠯ ᠢ ᠠᠰᠢᠭᠯᠠᠨ ᠂ ᠪᠤᠰᠤᠳ ᠲᠦᠷᠤ ᠵᠢᠨ ᠠᠵᠢᠯᠳᠠᠨ ᠡᠭᠦᠷᠭᠡ ᠲᠤᠰᠢᠶᠠᠯᠦᠢᠯᠡ ᠠᠵᠢᠯᠯᠠᠭ᠎ᠠ ᠪᠠᠷ ᠳᠠᠮᠵᠢᠭᠤᠯᠤᠨ ᠂ ᠨᠠᠶᠢᠳᠠᠨ ᠭᠤᠶᠤᠬᠴᠢ ᠳᠤ ᠵᠦᠢ ᠪᠤᠰᠤ ᠠᠰᠢᠭ ᠲᠤᠰᠠ ᠣᠯᠭᠣᠭᠠᠳ ᠂ ᠪᠤᠰᠤᠳᠵᠣᠭᠣᠰ ᠮᠥᠩᠭᠥ ᠡᠳ᠋ ᠪᠣᠳᠠᠰ ᠢ ᠨᠡᠬᠡᠵᠦ ᠠᠪᠦᠵᠤ ᠂ ᠬᠠᠤᠯᠢ ᠪᠤᠰᠤ ᠪᠠᠷ ᠬᠦᠯᠢᠶᠠᠨ ᠠᠪᠴᠤ ᠂ ᠲᠣᠭ᠎ᠠ ᠬᠡᠮᠵᠢᠢ᠎ᠡ ᠨᠢ ᠣᠨᠴᠠᠭᠠᠢ ᠯᠤᠲᠤ ᠶᠡᠬᠡ ᠂ ᠬᠠᠬᠤᠤᠯᠢ ᠢᠳᠡᠭᠰᠡᠨ ᠶᠠᠯ᠎ᠠ ᠪᠠᠷ ᠬᠠᠤᠯᠢ ᠶᠣᠰᠣᠭᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃