ᠥᠪᠥᠷ ᠮᠣᠩᠭᠣᠯᠪᠠᠶᠢᠴᠠᠭᠠᠬᠤ ᠪᠠᠶᠢᠭᠤᠯᠭ᠎ᠠ ᠺᠦᠩ ᠳ᠋ᠸ ᠴᠦᠨ ᠢ ᠬᠠᠤᠯᠢ ᠶᠣᠰᠣᠭᠠᠷ ᠪᠠᠷᠢᠪᠴᠢᠯᠠᠬᠤ ᠪᠠᠷ ᠲᠣᠭᠲᠠᠪᠠ
ᠲᠦᠷᠦᠭᠦᠬᠡᠨ ᠂ ᠵᠥᠩ ᠾᠧ ᠪᠠᠷᠢᠯᠭ᠎ᠠ ᠵᠢᠨ ᠦᠶᠯᠡᠰᠬᠢᠵᠠᠭᠠᠷᠲᠤ ᠺᠣᠮᠫᠠᠨᠢ ᠵᠢᠨ ᠤᠸᠯᠬᠡᠷᠡᠭ ᠮᠡᠳᠡᠭᠴᠢᠳᠳᠠᠷᠤᠭᠠ ᠺᠦᠩ ᠳ᠋ᠸ ᠴᠦᠨ ︵ ᠵᠢᠩᠬᠢᠨᠢ ᠲᠢᠩᠬᠢᠮᠲᠠᠰ ︶ ᠬᠡᠭᠡᠯᠢ ᠢᠳᠡᠭᠰᠡᠨ ᠂ ᠱᠠᠮᠰᠢᠭᠰᠠᠨ ᠂ ᠤᠯᠤᠰᠥᠮᠴᠢᠯᠡᠯᠺᠣᠮᠫᠠᠨᠢ ᠵᠢᠨ ᠠᠵᠢᠯᠲᠠᠨ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ ᠰᠡᠵᠢᠭᠯᠡᠯᠲᠡᠶ ᠬᠡᠷᠡᠭ ᠢ ᠥᠪᠥᠷ ᠮᠣᠩᠭᠣᠯᠥᠪᠡᠷᠲᠡᠭᠡᠨ ᠵᠠᠰᠠᠬᠤ ᠣᠷᠣᠨ ᠬᠢᠨᠠᠨ ᠪᠠᠶᠢᠴᠠᠭᠠᠬᠤ ᠵᠥᠪᠯᠡᠯ ᠡᠴᠡ ᠪᠠᠶᠢᠴᠠᠭᠠᠨ ᠳᠠᠭᠤᠰᠬᠠᠵᠤ ᠂ ᠪᠠᠶᠢᠴᠠᠭᠠᠬᠤ ᠪᠠᠶᠢᠭᠤᠯᠭ᠎ᠠ ᠳᠤ ᠵᠠᠭᠠᠯᠲᠤᠬᠤ ᠬᠢᠨᠠᠨ ᠪᠠᠶᠢᠴᠠᠭᠠᠯᠭᠠᠬᠤ ᠪᠠᠷ ᠰᠢᠯᠵᠢᠭᠦᠯᠦᠨ ᠬᠦᠷᠭᠡᠪᠡ ᠃ ᠥᠪᠥᠷ ᠮᠣᠩᠭᠣᠯᠥᠪᠡᠷᠲᠡᠭᠡᠨ ᠵᠠᠰᠠᠬᠤ ᠣᠷᠣᠨ ᠠᠷᠠᠳᠪᠠᠶᠢᠴᠠᠭᠠᠬᠤ ᠬᠣᠷᠢᠶ᠎ᠠ ᠵᠢᠨ ᠲᠣᠭᠲᠠᠭᠠᠭᠰᠠᠨ ᠬᠠᠷᠢᠶᠠᠯᠠᠯ ᠢᠶᠠᠷ ᠥᠪᠥᠷ ᠮᠣᠩᠭᠣᠯᠥᠪᠡᠷᠲᠡᠭᠡᠨ ᠵᠠᠰᠠᠬᠤ ᠣᠷᠣᠨ ᠠᠷᠠᠳᠪᠠᠶᠢᠴᠠᠭᠠᠬᠤ ᠬᠣᠷᠢᠶ᠎ᠠ ᠵᠢᠨ ᠠᠯᠠᠱᠠ ᠠᠶᠢᠮᠠᠭᠬᠤᠪᠢᠶᠠᠷᠢ ᠪᠠᠶᠢᠴᠠᠭᠠᠬᠤ ᠬᠣᠷᠢᠶ᠎ᠠ ᠵᠠᠭᠠᠯᠲᠤᠬᠤ ᠬᠢᠨᠠᠨ ᠪᠠᠶᠢᠴᠠᠭᠠᠪᠠ᠃ ᠲᠦᠷᠦᠭᠦᠬᠡᠨ ᠂ ᠠᠯᠠᠱᠠ ᠠᠶᠢᠮᠠᠭᠬᠤᠪᠢᠶᠠᠷᠢ ᠪᠠᠶᠢᠴᠠᠭᠠᠬᠤ ᠬᠣᠷᠢᠶ᠎ᠠ ᠬᠡᠭᠡᠯᠢ ᠢᠳᠡᠭᠰᠡᠨ ᠶᠠᠯ᠎ᠠ ᠂ ᠱᠠᠮᠰᠢᠭᠰᠠᠨ ᠶᠠᠯ᠎ᠠ ᠂ ᠤᠯᠤᠰᠥᠮᠴᠢᠯᠡᠯᠺᠣᠮᠫᠠᠨᠢ ᠵᠢᠨ ᠠᠵᠢᠯᠲᠠᠨ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ ᠶᠠᠯ᠎ᠠ ᠪᠠᠷ ᠺᠦᠩ ᠳ᠋ᠸ ᠴᠦᠨ ᠢ ᠬᠠᠸᠯᠢ ᠶᠣᠰᠣᠭᠠᠷ ᠪᠠᠷᠢᠪᠴᠢᠯᠠᠬᠤ ᠲᠣᠭᠲᠠᠭᠠᠯ ᠭᠠᠷᠭᠠᠪᠠ ᠃ ᠲᠤᠰ ᠬᠡᠷᠡᠭ ᠢ ᠣᠳᠣ ᠶᠠᠭ ᠤᠯᠠᠮ ᠨᠢᠭᠡ ᠠᠯᠬᠤᠮ ᠰᠢᠶᠳᠪᠦᠷᠢᠯᠡᠵᠦ ᠪᠠᠵᠢᠨ᠎ᠠ ᠃