ᠰᠦᠨ ᠴᠢᠩ ᠂ ᠡᠮᠡᠭᠲᠡᠢ᠂ ᠬᠢᠲᠠᠳ ᠦᠨᠳᠦᠰᠦᠲᠡᠨ᠂ 1968 ᠣᠨ ᠤ 12 ᠰᠠᠷ᠎ᠠ ᠳᠤ ᠂ ᠯᠢᠶᠣᠤᠨᠢᠩ ᠤᠨ ᠴᠤᠤᠶᠠᠩ ᠤᠨ ᠬᠥᠮᠦᠨ᠂ 1994 ᠣᠨ ᠤ 8 ᠰᠠᠷ᠎ᠠ ᠳᠤ ᠠᠵᠢᠯ ᠳᠤ ᠂ ᠨᠠᠮ ᠪᠦᠯᠦᠭ ᠦᠨ ᠪᠤᠰᠤ ᠬᠥᠮᠦᠨ᠂ ᠰᠤᠷᠤᠯᠭ᠎ᠠ ᠶᠢᠨ ᠨᠠᠮᠲᠠᠷ ᠲᠠᠶ᠂ ᠬᠠᠤᠯᠢ ᠤᠬᠠᠭᠠᠨ ᠤ ᠮᠠᠰᠲ᠋ᠧᠷ᠂ ᠤᠳᠤ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶᠠᠨ ᠤ ᠳᠡᠳ᠋ ᠪᠠᠶᠢᠴᠠᠭᠠᠬᠤ ᠳᠠᠷᠤᠭ᠎ᠠ ᠶᠢᠨ ᠲᠤᠰᠢᠶᠠᠯ ᠃ ᠡᠸᠡᠩᠬᠢ ᠦᠨᠳᠦᠰᠦᠲᠡᠨ ᠦ ᠥᠪᠡᠷᠲᠡᠭᠡᠨ ᠵᠠᠰᠠᠬᠤ ᠬᠣᠰᠢᠭᠤᠨ ᠤ ᠳᠡᠳ᠋ ᠬᠣᠰᠢᠭᠤᠨ ᠳᠠᠷᠤᠭ᠎ᠠ ᠂ ᠬᠥᠯᠥᠨ ᠪᠣᠶᠢᠷ ᠬᠣᠲᠠ ᠶᠢᠨ ᠠᠷᠠᠳ ᠤᠨ ᠪᠠᠶᠢᠴᠠᠭᠠᠬᠤ ᠬᠣᠷᠢᠶᠠᠨ ᠤ ᠳᠡᠳ᠋ ᠪᠠᠶᠢᠴᠠᠭᠠᠬᠤ ᠳᠠᠷᠤᠭ᠎ᠠ ︵ 2011 ᠣᠨ ᠤ 12 ᠰᠠᠷ᠎ᠠ ᠳᠤ ᠵᠢᠩᠬᠢᠨᠢ ᠭᠠᠵᠠᠷ ᠤᠨ ᠲᠠᠰ ᠤᠨ ᠲᠤᠰᠢᠶᠠᠯ ᠡᠭᠦᠷᠭᠡᠯᠡᠪᠡ ︶ ᠂ ᠬᠥᠯᠥᠨ ᠪᠣᠶᠢᠷ ᠬᠣᠲᠠ ᠶᠢᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠣᠷᠢᠶᠠᠨ ᠤ ᠳᠡᠳ᠋ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ ᠥᠩᠭᠡᠷᠡᠵᠡᠶ ᠂ 2022 ᠣᠨ ᠤ 12 ᠰᠠᠷ᠎ᠠ ᠳᠤ ᠣᠲᠣ ᠶᠢᠨ ᠲᠤᠰᠢᠶᠠᠯ ᠢ ᠡᠭᠦᠷᠭᠡᠯᠡᠪᠡ᠃