ᠸᠠᠩ ᠶᠠᠨ ᠴᠦᠨ᠂ ᠡᠷᠡᠭᠲᠡᠢ᠂ ᠮᠣᠩᠭᠣᠯ ᠦᠨᠳᠦᠰᠦᠲᠡᠨ᠂ 1972 ᠣᠨ ᠤ 11 ᠰᠠᠷ᠎ᠠ ᠳᠤ ᠂ ᠥᠪᠥᠷ ᠮᠣᠩᠭᠣᠯ ᠤᠨ ᠪᠠᠭᠠᠷᠢᠨ ᠪᠠᠷᠠᠭᠤᠨ ᠬᠣᠰᠢᠭᠤᠨ ᠤ ᠬᠥᠮᠦᠨ᠂ 1997 ᠣᠨ ᠤ 7 ᠰᠠᠷ᠎ᠠ ᠳᠤ ᠠᠵᠢᠯ ᠳᠤ ᠂ 2002 ᠣᠨ ᠤ 9 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠠᠢ᠂ ᠶᠡᠬᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠶ᠂ ᠬᠠᠤᠯᠢ ᠴᠠᠭᠠᠵᠠ ᠶᠢᠨ ᠮᠠᠰᠲ᠋ᠧᠷ᠂ ᠤᠳᠤ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠪᠠᠶᠢᠴᠠᠭᠠᠬᠤ ᠳᠠᠷᠤᠭ᠎ᠠ ᠶᠢᠨ ᠲᠤᠰᠢᠶᠠᠯ ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠶᠢᠨ ᠠᠯᠪᠠᠨ ᠬᠡᠷ ᠦᠨ ᠳᠡᠳ᠋ ᠡᠷᠬᠢᠯᠡᠭᠴᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠶᠢᠨ ᠢᠷᠭᠡᠨ ᠦ ᠬᠡᠷᠡᠭ ᠵᠠᠰᠠᠭ ᠵᠠᠬᠢᠷᠭᠠᠨ ᠤ ᠪᠠᠶᠢᠴᠠᠭᠠᠬᠤ ᠭᠠᠵᠠᠷ ᠤᠨ ᠳᠠᠷᠤᠭ᠎ᠠ ᠂ ᠲᠦᠩᠯᠢᠶᠣᠤ ᠬᠣᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ ᠶᠢᠨ ᠪᠠᠶᠢᠴᠠᠭᠠᠬᠤ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠥᠩᠭᠡᠷᠡᠵᠡᠶ ᠂ 2022 ᠣᠨ ᠤ 12 ᠰᠠᠷ᠎ᠠ ᠳᠤ ᠣᠲᠣ ᠶᠢᠨ ᠲᠤᠰᠢᠶᠠᠯ ᠢ ᠡᠭᠦᠷᠭᠡᠯᠡᠪᠡ᠃