ᠠᠨ ᠤᠣ᠂ ᠡᠷᠡᠭᠲᠡᠢ᠂ ᠢ ᠦᠨᠳᠦᠰᠦᠲᠡᠨ᠂ 1973 ᠣᠨ ᠤ 10 ᠰᠠᠷ᠎ᠠ ᠳᠤ ᠲᠦᠷᠦᠵᠠᠢ᠂ ᠶᠦᠨᠨᠠᠨᠵᠸᠨ ᠰᠢᠶᠦ᠋ᠩ ᠦᠨ ᠬᠥᠮᠦᠨ᠂ 1996 ᠣᠨ ᠤ 12 ᠰᠠᠷ᠎ᠠ ᠳᠤ ᠠᠵᠢ ᠳᠤ ᠤᠷᠤᠵᠤ᠂ 1998 ᠣᠨ ᠤ 4 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠠᠢ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠬᠠᠤᠯᠢ ᠶᠢᠨ ᠤᠬᠠᠭᠠᠨ ᠤ ᠳ᠋ᠣᠺᠲ᠋ᠣᠷ᠂ ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠨᠢᠭᠡᠳᠦᠭᠡᠷ ᠳᠡᠰ ᠤᠨ ᠪᠠᠶᠢᠴᠠᠭᠠᠬᠤ ᠲᠤᠰᠢᠶᠠᠯᠲᠠᠨ ᠤ ᠲᠤᠰᠢᠶᠠᠯ ᠲᠠᠢ᠃ ᠬᠤᠪᠧᠶ ᠮᠤᠵᠢ ᠶᠢᠨ ᠦᠬᠠᠨ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠡᠷᠡᠭᠦᠦ ᠶᠢᠨ ᠨᠢᠭᠡᠳᠦᠭᠡᠷ ᠲᠢᠩᠬᠢᠮ ᠤᠨ ᠳᠡᠳ᠋ ᠳᠠᠷᠤᠭ᠎ᠠ ︵ᠪᠠᠶᠢᠴᠠᠭᠠᠨ ᠰᠤᠳᠤᠯᠤᠭᠴᠢ︶᠂ ᠠᠷᠠᠳ ᠤᠨ ᠳᠡᠭᠡᠳᠦ ᠰᠢᠭᠦᠬᠦ ᠬᠤᠷᠢᠶᠠᠨ ᠤ ᠡᠷᠡᠭᠦᠦ ᠶᠢᠨ ᠳᠥᠷᠪᠡᠳᠦᠭᠡᠷ ᠲᠢᠩᠬᠢᠮ ᠤᠨ ᠵᠢᠩᠬᠢᠨᠢ ᠭᠠᠵᠠᠷ ᠤᠨ ᠲᠠᠰ ᠤᠨ ᠬᠠᠪᠰᠤᠷᠤᠨ ᠰᠢᠭᠦᠭᠴᠢ᠂ ᠵᠢᠩᠬᠢᠨᠢ ᠭᠠᠵᠠᠷ ᠤᠨ ᠲᠠᠰ ᠤᠨ ᠰᠢᠭᠦᠨ ᠲᠠᠰᠤᠯᠬᠤ ᠳᠠᠷᠤᠭ᠎ᠠ᠂ ᠳᠡᠳ᠋ ᠲᠣᠪᠴᠢᠶ᠎ᠠ ᠶᠢᠨ ᠲᠠᠰ ᠤᠨ ᠰᠢᠭᠦᠨ ᠲᠠᠰᠤᠯᠬᠤ ᠳᠠᠷᠤᠭ᠎ᠠ᠂ ᠠᠷᠠᠳ ᠤᠨ ᠳᠡᠭᠡᠳᠦ ᠰᠢᠭᠦᠬᠦ ᠬᠤᠷᠢᠶᠠᠨ ᠤ ᠡᠷᠡᠭᠦᠦ ᠶᠢᠨ ᠨᠢᠭᠡᠳᠦᠭᠡᠷ ᠲᠢᠩᠬᠢᠮ ᠤᠨ ᠲᠤᠰᠬᠠᠶ ᠲᠤᠰᠢᠶᠠᠯᠳᠤ ᠨᠠᠮ ᠤᠨ ᠠᠵᠢᠯ ᠤᠨ ᠺᠠᠳ᠋ᠷ ︵ᠠᠷᠢᠭᠤᠨ ᠴᠢᠬᠡᠴᠢ ᠪᠠᠷ ᠵᠠᠰᠠᠭ ᠪᠠᠷᠢᠬᠤ ᠬᠢᠨᠠᠨ ᠪᠠᠶᠢᠴᠠᠭᠠᠭᠴᠢ︶᠂ ᠠᠷᠠᠳ ᠤᠨ ᠳᠡᠭᠡᠳᠦ ᠰᠢᠭᠦᠬᠦ ᠬᠤᠷᠢᠶᠠᠨ ᠤ ᠡᠷᠡᠭᠦᠦ ᠶᠢᠨ ᠨᠢᠭᠡᠳᠦᠭᠡᠷ ᠲᠢᠩᠬᠢᠮ ᠤᠨ ᠳᠡᠳ᠋ ᠳᠠᠷᠤᠭ᠎ᠠ᠂ ᠠᠷᠠᠳ ᠤᠨ ᠳᠡᠭᠡᠳᠦ ᠰᠢᠭᠦᠬᠦ ᠬᠤᠷᠢᠶᠠᠨ ᠤ ᠬᠤᠶᠠᠳᠤᠭᠠᠷ ᠲᠣᠭᠤᠷᠢᠨ ᠰᠢᠭᠦᠬᠦ ᠲᠢᠩᠬᠢᠮ ᠤᠨ ᠳᠡᠳ᠋ ᠳᠠᠷᠤᠭ᠎ᠠ ︵ᠵᠢᠩᠬᠢᠨᠢ ᠲᠣᠪᠴᠢᠶᠠᠨ ᠤ ᠳᠠᠷᠤᠭ᠎ᠠ ᠶᠢᠨ ᠳᠡᠰ︶᠂ ᠬᠤᠪᠢᠶᠠᠷᠢ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠵᠢᠨ ᠲᠤᠰᠢᠶᠠᠯ ᠢ ᠡᠭᠦᠷᠭᠡᠯᠡᠵᠦ ᠦᠩᠭᠡᠷᠡᠵᠡᠢ᠂ 2024 ᠣᠨ ᠤ12 ᠰᠠᠷ᠎ᠠ ᠳᠤ ᠣᠳᠤ ᠵᠢᠨ ᠲᠤᠰᠢᠶᠠᠯ ᠢ ᠡᠭᠦᠷᠭᠡᠯᠡᠪᠡ᠃