ᠯᠢᠦ ᠵᠧᠨ᠂ ᠡᠷᠡᠭᠲᠡᠢ᠂ ᠬᠢᠲᠠᠳ ᠦᠨᠳᠦᠰᠦᠲᠡᠨ᠂ 1974 ᠣᠨ ᠤ 11 ᠰᠠᠷ᠎ᠠ ᠳᠤ ᠲᠦᠷᠦᠵᠠᠢ᠂ ᠭᠢᠷᠢᠨ ᠤ ᠰᠧ ᠫᠢᠩ ᠤᠨ ᠬᠥᠮᠦᠨ᠂ 1996 ᠣᠨ ᠤ 7 ᠰᠠᠷ᠎ᠠ ᠳᠤ ᠠᠵᠢᠯ ᠳᠤ ᠣᠷᠣᠵᠤ᠂ 1994 ᠣᠨ ᠤ 12 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠠᠢ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠢᠨᠵᠧᠨᠧᠷᠢᠩ ᠤᠨ ᠤᠬᠠᠭᠠᠨ ᠤ ᠳ᠋ᠣᠺᠲ᠋ᠣᠷ᠂ ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠨᠡᠷ᠎ᠡ ᠳᠤᠷᠠᠳᠠᠭᠳᠠᠵᠤ ᠲᠤᠰᠢᠶᠠᠯ ᠡᠭᠦᠷᠭᠡᠯᠡᠭᠰᠡᠨ ᠳᠡᠳ᠋ ᠪᠠᠶᠢᠴᠠᠭᠠᠬᠤ ᠳᠠᠷᠤᠭ᠎ᠠ ︵ ᠲᠤᠰᠢᠶᠠᠯ ᠡᠯᠭᠦᠭᠰᠡᠨ︶᠃ ᠠᠷᠠᠳ ᠤ᠋ᠨ ᠳᠡᠭᠡᠳᠦ ᠪᠠᠢᠴᠠᠭᠠᠬᠤ ᠬᠣᠷᠢᠶᠠᠨ ᠤ᠋ ᠠᠯᠪᠠᠨ ᠲᠢᠩᠬᠢᠮ ᠤᠨ ᠶᠡᠷᠦᠩᠬᠡᠢ ᠵᠢᠵᠢᠭᠦᠷ ᠤᠨ ᠲᠠᠰᠤᠭ ᠤ᠋ᠨ ᠳᠡᠳ᠋ ᠡᠷᠬᠢᠯᠡᠭᠴᠢ ( ᠵᠢᠩᠬᠢᠨᠢ ᠭᠠᠵᠠᠷ ᠤ᠋ᠨ ᠳᠡᠰ) ᠂ ᠠᠷᠠᠳ ᠤ᠋ᠨ ᠳᠡᠭᠡᠳᠦ ᠪᠠᠢᠴᠠᠭᠠᠬᠤ ᠬᠣᠷᠢᠶᠠᠨ ᠤ᠋ ᠠᠯᠪᠠᠨ ᠲᠢᠩᠬᠢᠮ ᠤᠨ ᠶᠡᠷᠦᠩᠬᠡᠢ ᠵᠢᠵᠢᠭᠦᠷ ᠤᠨ ᠲᠠᠰᠤᠭ ᠤ᠋ᠨ ᠡᠷᠬᠢᠯᠡᠭᠴᠢ ᠂ ᠠᠷᠠᠳ ᠤ᠋ᠨ ᠳᠡᠭᠡᠳᠦ ᠪᠠᠢᠴᠠᠭᠠᠬᠤ ᠬᠣᠷᠢᠶᠠᠨ ᠤ᠋ ᠠᠯᠪᠠᠨ ᠲᠢᠩᠬᠢᠮ ᠤᠨ ᠨᠢᠭᠤᠴᠠ ᠮᠠᠲ᠋ᠧᠷᠢᠶᠠᠯ ᠤᠨ ᠭᠠᠵᠠᠷ ᠤᠨ ᠭᠠᠵᠠᠷ ᠤ᠋ᠨ ᠳᠠᠷᠤᠭ᠎ᠠ ᠂ ᠠᠷᠠᠳ ᠤ᠋ᠨ ᠳᠡᠭᠡᠳᠦ ᠪᠠᠢᠴᠠᠭᠠᠬᠤ ᠬᠣᠷᠢᠶᠠᠨ ᠤ᠋ ᠠᠯᠪᠠᠨ ᠲᠢᠩᠬᠢᠮ ᠤᠨ ᠳᠡᠳ᠋ ᠡᠷᠬᠢᠯᠡᠭᠴᠢ ᠂ ᠠᠷᠠᠳ ᠤ᠋ᠨ ᠳᠡᠭᠡᠳᠦ ᠪᠠᠢᠴᠠᠭᠠᠬᠤ ᠬᠣᠷᠢᠶᠠᠨ ᠤ᠋ ᠪᠠᠢᠴᠠᠭᠠᠬᠤ ᠮᠡᠷᠭᠡᠵᠢᠯ ᠦᠨ ᠮᠡᠳᠡᠭᠡ ᠵᠠᠩᠭᠢ ᠰᠤᠳᠤᠯᠬᠤ ᠲᠥᠪ ᠤᠨ ᠡᠷᠬᠢᠯᠡᠭᠴᠢ ᠵᠢᠨ ᠲᠤᠰᠢᠶᠠᠯ ᠢ ᠡᠭᠦᠷᠭᠡᠯᠡᠵᠦ ᠦᠩᠭᠡᠷᠡᠵᠡᠢ᠂ 2025 ᠣᠨ ᠤ 3 ᠰᠠᠷ᠎ᠠ ᠳᠤ ᠣᠳᠤ ᠵᠢᠨ ᠲᠤᠰᠢᠶᠠᠯ ᠳᠤ ᠲᠣᠮᠢᠯᠠᠭᠳᠠᠪᠠ᠃